ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ᠁
ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠡᠬᠢᠯᠡᠪᠡ

       

1ᠰᠠᠷ᠎ᠠ ᠶᠢᠨ 5  ᠤ ᠡᠳᠦᠷ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠬᠣᠰᠢᠭᠤᠨ ᠤ ᠰᠣᠶ‍ᠣᠯ ᠤᠬᠠᠭᠤᠯᠭ᠎ᠠ ᠶᠢᠨ ᠲᠥᠪ ᠲᠤ ᠡᠬᠢᠯᠡᠪᠡ᠃

        
        ᠥᠨᠥᠳ᠋ᠥᠷ ᠦᠨ ᠶᠡᠬᠡ ᠬᠤᠷᠠᠯ ᠤᠨ ᠭᠦᠢᠴᠡᠳᠭᠡᠭ᠍ᠴᠢ ᠲᠡᠷᠢᠭᠦᠯᠡᠭ᠍ᠴᠢ ᠪᠣᠯ ᠱᠤᠤ ᠶᠠᠨ ᠵᠢᠶ‍ᠦ᠋ᠨ᠂ ᠡᠦ ᠴᠢᠩ ᠬᠠᠢ᠂ ᠯᠢᠦ ᠶᠦ᠋ᠩ᠂ ᠭᠦᠸᠧ ᠮᠢᠩ ᠴᠢᠶ‍ᠦ᠋ᠨ᠂  ᠪᠠᠲᠤ᠂ ᠯᠢᠦ ᠰᠢ ᠯᠢᠨ᠂ ᠪᠠᠢ ᠶᠠᠨ ᠰᠢᠤᠸᠠᠢ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ᠂ ᠶᠠᠩ ᠵᠧᠨ ᠴᠢᠩ᠂ ᠯᠢ ᠴᠧᠩ ᠭᠦᠸᠧ᠂ ᠬᠠᠰ᠂ ᠵᠤᠤ ᠴᠧᠩ ᠶᠠᠨ᠂ ᠯᠢ ᠰᠢᠶᠠᠩ ᠳ᠋ᠦ᠋ᠩ᠂ ᠴᠧᠨ ᠢᠦᠢ ᠴᠢᠶᠠᠩ᠂ᠡᠦ ᠶᠦ᠋ᠨ ᠪᠥᠸᠧ ᠪᠣᠯᠣᠨ᠎ᠠ᠃ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠪᠠᠢ᠌ᠩᠭ᠋ᠤ ᠶᠢᠨ ᠲᠡᠷᠢᠭᠦᠯᠡᠭ᠍ᠴᠢ᠂ ᠭᠦᠢᠴᠡᠳᠭᠡᠭ᠍ᠴᠢ ᠲᠡᠷᠢᠭᠦᠯᠡᠭ᠍ᠴᠢᠡᠦ ᠴᠢᠩ ᠬᠠᠢ ᠠᠩᠬᠠᠳ᠋ᠤᠭᠠᠷ ᠤᠳ᠋ᠠᠭᠠᠨ ᠤ ᠪᠦᠬᠦᠳ᠋ᠠ ᠬᠤᠷᠠᠯ ᠢ ᠡᠷᠬᠢᠯᠡᠪᠡ᠃  

        


       
        ᠱᠤᠤ ᠶᠠᠨ ᠵᠢᠶ‍ᠦ᠋ᠨ᠂  ᠡᠦ ᠴᠢᠩ  ᠬᠠᠢ᠂ ᠯᠢᠦ ᠶᠦ᠋ᠩ᠂ ᠭᠦᠸᠧ ᠮᠢᠩ ᠴᠢᠶ‍ᠦ᠋ᠨ᠂ ᠪᠠᠲᠤ᠂ ᠯᠢᠦ ᠰᠢ ᠯᠢᠨ᠂ ᠪᠠᠢ ᠶᠠᠨ ᠰᠢᠤᠸᠠᠢ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ ᠲᠡᠷᠢᠭᠦᠯᠡᠭ᠍ᠴᠢ ᠶᠢᠨ ᠲᠠᠢ᠌ᠰᠠᠨ ᠤ ᠡᠮᠦᠨ᠎ᠠ ᠮᠥᠷ ᠲᠤ ᠰᠠᠭᠠᠲᠠᠵᠤ᠂ ᠯᠢᠦ ᠶᠤᠤ᠂ ᠯᠢ ᠢᠦᠢ ᠹᠦ᠋᠂ ᠶᠣᠣ ᠼᠠᠢ ᠶᠠᠨ᠂ ᠰᠦ᠋ᠧᠧ ᠮᠢᠩ ᠢᠦᠢ᠂ ᠼᠤᠤ ᠢᠦᠢ ᠯᠦ᠋ᠩ᠂ ᠡᠦ ᠫᠧᠩ ᠹᠧᠢ᠂ ᠶᠠᠩ ᠵᠧᠨ ᠴᠢᠩ᠂ ᠮᠦ ᠲᠢᠶ‍ᠧ ᠮᠢᠨ᠂ ᠳ᠋ᠢᠩ ᡁᠢ ᠭᠠᠩ᠂ ᠼᠦ᠋ᠢ ᠯᠧᠢ ᠯᠧᠢ᠂ ᠭᠦᠸᠧ ᠶᠠ ᠹᠧᠩ᠂ ᠮᠦ᠋ᠩᠭᠦᠨᠬᠤᠸᠠᠷ᠂ ᠡᠦ ᠰᠢᠶ‍ᠣᠣ᠂ ᠳ᠋ᠠᠢ ᠪᠦᠦ ᠯᠢᠨ᠂ ᠸᠠᠩ ᠴᠧᠩ᠂ ᠲᠤᠩᠭ᠋ᠠᠯᠠᠭ᠂ ᠴᠢᠦᠢ ᠶᠧ ᠬᠣᠩ ᠵᠢᠴᠢ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠪᠦᠷᠢᠯᠳ᠋ᠦᠭᠦᠨ ᠨᠡᠷ ᠲᠡᠷᠢᠭᠦᠯᠡᠭ᠍ᠴᠢ ᠶᠢᠨ ᠲᠠᠢ᠌ᠰᠠᠨ ᠳᠤ ᠰᠠᠭᠤᠯᠴᠠᠪᠠ᠃  

        

  ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠳᠤ ᠣᠲᠣ 198 ᠲᠥᠯᠥᠭᠡᠯᠡᠭ᠍ᠴᠢ ᠪᠣᠶ᠂ ᠲᠣᠰ ᠤᠳ᠋ᠠᠭᠠᠨ ᠤ ᠪᠥᠬᠥᠳ᠋ᠡ ᠬᠤᠷᠠᠯᠳ᠋ᠤᠭᠠᠨ ᠳᠤ 173 ᠲᠥᠯᠥᠭᠡᠯᠡᠭ᠍ᠴᠢ ᠣᠷᠣᠯᠴᠠᠵᠤ᠂ ᠬᠠᠤᠯᠢ ᠳᠤ ᠲᠤᠭᠳ᠋ᠠᠭᠰᠠᠨ ᠬᠥᠮᠥᠨ ᠦ ᠲᠣᠭ᠎ᠠ ᠳᠤ ᠨᠡᠢ᠌ᠴᠡᠨ᠎ᠠ᠃ 

        
        ᠶᠡᠬᠡ ᠬᠤᠷᠠᠯ ᠢ ᠲᠡᠷᠢᠭᠦᠯᠡᠭ᠍ᠴᠢ ᠶᠢᠨ ᠪᠦᠯᠬᠦᠮ ᠦᠨ ᠪᠠᠢ᠌ᠩᠭ᠋ᠤ ᠶᠢᠨ ᠲᠡᠷᠢᠭᠦᠯᠡᠭ᠍ᠴᠢ᠂ ᠭᠦᠢᠴᠡᠳᠭᠡᠭ᠍ᠴᠢ ᠲᠡᠷᠢᠭᠦᠯᠡᠭ᠍ᠴᠢ ᠡᠦ ᠴᠢᠩ ᠬᠠᠢ ᠡᠷᠬᠢᠯᠡᠵᠦ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠡᠬᠢᠯᠡᠭ᠍ᠰᠡᠨ ᠢ ᠵᠠᠷᠯᠠᠪᠠ᠃

        
      ᠬᠣᠰᠢᠭᠤᠨ ᠨᠠᠮ ᠤᠨ ᠬᠣᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠪᠠᠲᠤ ᠬᠣᠰᠢᠭᠤᠨ ᠠᠷᠠᠳ ᠤᠨ ᠵᠠᠰᠠᠭ ᠤᠨ ᠣᠷᠳ᠋ᠣᠨ ᠢ ᠲᠦ᠋ᠯᠦᠭᠡᠯᠡᠨ ᠶᠡᠬᠡ ᠬᠤᠷᠠᠯ ᠳᠤ《ᠵᠠᠰᠠᠭ ᠤᠨ ᠣᠷᠳ᠋ᠣᠨ ᠤ ᠠᠵᠢᠯ ᠤᠨ ᠢᠯᠡᠳᠬᠡᠯ》ᠬᠢᠪᠡ᠃

             


       
      ᠠᠵᠢᠯ ᠤᠨ ᠢᠯᠡᠳᠭᠡᠯ ᠨᠢ 2022 ᠣᠨ ᠤ ᠠᠵᠢᠯ ᠤᠨ ᠡᠷᠭᠢᠴᠡᠭᠦᠯᠦᠯ᠂ 2023 ᠣᠨ ᠤ ᠬᠠᠷᠠᠯᠲᠠ ᠡᠭᠦᠷᠭᠡ ᠪᠣᠯᠣᠨ ᠭᠣᠣᠯᠳ᠋ᠠᠯᠭ᠎ᠠ ᠲᠠᠶ ᠠᠵᠢᠯ᠂ ᠨᠠᠮ ᠤᠨ ᠤᠳ᠋ᠤᠷᠢᠳ᠋ᠤᠯᠭ᠎ᠠ ᠶᠢ ᠪᠠᠷᠢᠮᠲᠠᠯᠠᠵᠤ᠂ ᠠᠷᠠᠳ ᠲᠦ᠋ᠮᠡᠨ ᠬᠠᠨᠤᠮᠵᠢᠳ᠋ᠠᠢ ᠵᠠᠰᠠᠭ ᠤᠨ ᠣᠷᠳ᠋ᠣᠨ ᠢ ᠪᠦᠬᠦ ᠬᠦᠴᠦ ᠪᠡᠷ ᠢᠶᠡᠨ ᠪᠠᠶ᠍ᠢᠭᠤᠯᠬᠤ ᠵᠡᠷᠭᠡ ᠭᠤᠷᠪᠠᠨ ᠪᠦᠯᠦᠭ᠌ ᠬᠤᠪᠢᠶᠠᠪᠠ᠃

        


       
        ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠣᠰᠢᠭᠤᠨ ᠲᠡᠳ᠋ ᠲᠠᠷᠤᠭ᠎ᠠ ᠯᠢᠤ ᠶᠤᠤ《ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 2022 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠦ᠋ᠢᠯ ᠢ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠤ ᠪᠠᠳ᠋ᠤᠯᠠᠭᠰᠨᠨ ᠢ ᠪᠠᠶᠡᠯᠡᠬᠦᠯᠦᠭ᠍ᠰᠨᠨ ᠪᠠᠢ᠌ᠳ᠋ᠠᠯ ᠪᠠ 2023 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠤᠢ᠌ᠯ ᠤᠨ ᠵᠢᠱᠢᠭ᠍ᠳ᠋ᠡᠭ᠍ᠰᠨᠨ ᠲᠦ᠋ᠷᠤᠯ ᠵᠤᠢ᠌ᠯ ᠤᠨ ᠪᠦᠷᠢᠯᠳ᠋ᠦᠭ᠍ᠰᠨᠨ ᠪᠠᠢ᠌ᠳ᠋ᠠᠯ ᠤᠨ ᠮᠡᠳ᠋ᠡᠬᠦᠯᠤᠯᠳ᠋ᠠ》 ᠶᠢ ᠬᠢᠪᠡ᠃  

         
       ᠬᠤᠷᠠᠯ ᠤᠨ ᠵᠥᠪᠯᠡᠬᠦ ᠵᠦ᠋ᠢᠯ ᠢ ᠦᠨᠳ᠋ᠦᠰᠦᠯᠡᠨ᠂ ᠬᠤᠷᠠᠯ ᠡᠴᠡ ᠵᠠᠷᠤᠳ ᠬᠣᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠦᠨ ᠬᠥᠭ᠍ᠵᠢᠯᠲᠡ ᠶᠢᠨ ᠲᠥᠯᠥᠪᠯᠡᠭᠡ ᠶᠢ ᠬᠡᠷᠡᠭ᠍ᠵᠢᠭᠦᠯᠦᠭ᠍ᠰᠡᠨ ᠪᠠᠢ᠌ᠳ᠋ᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠦᠨ ᠬᠥᠭ᠍ᠵᠢᠯᠲᠡ ᠶᠢᠨ ᠲᠥᠯᠥᠪᠯᠡᠭᠡ ᠶᠢᠨ ᠲᠥᠰᠥᠯ ᠦᠨ ᠮᠡᠳ᠋ᠡᠭᠦᠯᠦᠯᠲᠡ᠂ ᠵᠠᠷᠤᠳ ᠬᠣᠰᠢᠭᠤᠨ ᠤ 2022 ᠣᠨ ᠤ ᠡᠳ᠋ ᠦᠨ ᠵᠠᠰᠠᠭ ᠤᠨ ᠲᠥᠰᠥᠪ ᠢ ᠭᠦᠢᠴᠡᠳᠬᠡᠭ᠍ᠰᠡᠨ ᠪᠠᠢ᠌ᠳ᠋ᠠᠯ ᠵᠢᠴᠢ 2023 ᠣᠨ ᠤ ᠡᠳ᠋ ᠦᠨ ᠵᠠᠰᠠᠭ ᠤᠨ ᠲᠥᠰᠥᠪ ᠦᠨ ᠲᠥᠰᠥᠯ ᠦᠨ ᠮᠡᠳ᠋ᠡᠭᠦᠯᠦᠯᠲᠡ᠂ ᠬᠣᠰᠢᠭᠤᠨ ᠤ ᠠᠷᠠᠳ ᠤᠨ ᠵᠠᠰᠠᠭ ᠤᠨ ᠣᠷᠳ᠋ᠣᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠠᠩᠬᠠᠳ᠋ᠤᠭᠠᠷ ᠬᠤᠷᠠᠯ ᠤᠨ ᠲᠥᠯᠥᠭᠡᠯᠡᠭ᠍ᠴᠢ ᠶᠢᠨ ᠰᠠᠨᠠᠭᠤᠯᠭ᠎ᠠ ᠶᠢ ᠭᠦᠢᠴᠡᠳᠬᠡᠭ᠍ᠰᠡᠨ ᠪᠠᠢ᠌ᠳ᠋ᠠᠯ ᠤᠨ ᠲᠤᠬᠠᠢ ᠮᠡᠳ᠋ᠡᠭᠦᠯᠦᠯᠲᠡ ᠶᠢ ᠬᠢᠨᠠᠨ ᠪᠠᠢ᠌ᠴᠠᠭᠠᠪᠠ ︔ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠤ ᠰᠣᠩᠭ᠋ᠣᠭᠤᠯᠢ ᠶᠢᠨ ᠠᠷᠭ᠎ᠠ (ᠲᠥᠰᠥᠯ) ᠪᠣᠯᠣᠨ  ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠦ᠋ᠢᠯ ᠢ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠤ ᠪᠠᠲᠤᠯᠠᠬᠤ ᠠᠷᠭ᠎ᠠ (ᠲᠥᠰᠥᠯ) ᠶᠢ ᠬᠢᠨᠠᠨ ᠵᠥᠪᠯᠡᠪᠡ᠃ 

        
        ᠬᠠᠤᠯᠢ ᠪᠠᠷ ᠲᠣᠭᠲᠠᠭᠠᠭᠰᠠᠨ ᠰᠤᠯᠠ ᠣᠷᠤᠯᠴᠠᠬᠤ ᠬᠥᠮᠥᠰ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠵᠢᠷᠭᠤᠳ᠋ᠤᠭᠠᠷ ᠬᠤᠷᠠᠯᠳ᠋ᠤᠭᠠᠨ ᠡᠴᠡ ᠲᠣᠭᠲᠠᠭᠠᠭᠰᠠᠨ ᠰᠤᠯᠠ ᠣᠷᠤᠯᠴᠠᠬᠤ ᠬᠥᠮᠥᠰ ᠵᠢᠴᠢ ᠤᠯᠤᠰ ᠲᠦ᠋ᠷᠦ ᠶᠢᠨ ᠵᠥᠪᠯᠡᠯᠭᠡᠨ ᠦ ᠵᠠᠷᠤᠳ ᠬᠣᠰᠢᠭᠤᠨ ᠤ ᠠᠷᠪᠠᠨ ᠨᠢᠭᠡᠳ᠋ᠦᠭᠡᠷ ᠬᠤᠭᠤᠴᠠᠭᠠᠨ ᠤ ᠬᠣᠷᠢᠶᠠᠨ ᠤ ᠬᠣᠶᠠᠳ᠋ᠤᠭᠠᠷ ᠬᠤᠷᠠᠯᠳ᠋ᠤᠭᠠᠨ ᠳᠤ ᠣᠷᠤᠯᠴᠠᠬᠤ ᠪᠦᠭᠦ ᠭᠡᠰᠢᠭᠦᠳ ᠲᠤᠰ ᠤᠳ᠋ᠠᠭᠠᠨ ᠤ ᠬᠤᠷᠠᠯᠳ᠋ᠤᠭᠠᠨ ᠳᠤ ᠰᠤᠯᠠ ᠣᠷᠣᠯᠴᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠲᠥᠯᠥᠭᠡᠯᠡᠭ᠍ᠴᠢᠳ ᠬᠠᠮᠳ᠋ᠣ ᠪᠡᠷ ᠰᠡᠷᠡᠮᠵᠢᠭᠦᠯᠬᠦ ᠬᠥᠮᠦᠵᠢᠯ ᠦᠨ ᠹᠢᠯᠢᠮ ᠦᠵᠡᠪᠡ
ᠳᠠᠷᠠᠭᠠᠬᠢ᠄ ᠪᠦᠬᠦ ᠬᠣᠰᠢᠭᠤᠨ ᠤ ᠬᠤᠶᠠᠷ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢᠳ ᠭᠡᠰᠢᠭᠦᠳ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠵᠢᠴᠢ ᠪᠣᠰᠤᠳ ᠮᠡᠳ᠋ᠡᠭᠦᠯᠦᠯᠳ᠋ᠡ ᠶᠢ ᠬᠢᠨᠠᠨ ᠵᠦ᠋ᠪᠯᠡᠪᠡ