ᠤᠳᠤ ᠶᠢᠨ ᠪᠠᠢ᠌ᠷᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ → ᠪᠦᠬᠦ ᠬᠣᠰᠢᠭᠤᠨ ᠤ ᠬᠤᠶᠠᠷ ᠬᠤᠷᠠᠯ ᠳᠤ ᠤᠷᠤᠯᠴᠠᠭᠰᠠᠨ᠁
ᠪᠦᠬᠦ ᠬᠣᠰᠢᠭᠤᠨ ᠤ ᠬᠤᠶᠠᠷ ᠬᠤᠷᠠᠯ ᠳᠤ ᠤᠷᠤᠯᠴᠠᠭᠰᠠᠨ ᠲᠦ᠋ᠯᠦᠭᠡᠯᠡᠭ᠍ᠴᠢᠳ ᠭᠡᠰᠢᠭᠦᠳ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠵᠢᠴᠢ ᠪᠣᠰᠤᠳ ᠮᠡᠳ᠋ᠡᠭᠦᠯᠦᠯᠳ᠋ᠡ ᠶᠢ ᠬᠢᠨᠠᠨ ᠵᠦ᠋ᠪᠯᠡᠪᠡ

       


       
        1ᠰᠠᠷ᠎ᠠ ᠶᠢᠨ 5 ᠤ ᠡᠳ᠋ᠦᠷ ᠦᠨ ᠦᠳ᠋ᠡ ᠶᠢᠨ ᠡᠮᠦᠨ᠎ᠠ᠂ ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠳᠤ ᠤᠷᠤᠯᠴᠠᠭᠰᠠᠨ ᠠᠷᠠᠳ ᠤᠨ ᠲᠦ᠋ᠯᠦᠭᠡᠯᠡᠭ᠍ᠴᠢᠳ ᠪᠤᠯᠤᠨ ᠤᠯᠤᠰ ᠲᠥᠷᠥ ᠶᠢᠨ ᠵᠦ᠋ᠪᠯᠡᠯᠭᠡᠨ ᠦ ᠵᠠᠷᠤᠳ ᠬᠣᠰᠢᠭᠤᠨ ᠤ ᠠᠷᠪᠠᠨ ᠨᠢᠭᠡᠳ᠋ᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳ᠋ᠤᠭᠠᠷ ᠬᠤᠷᠠᠯᠳ᠋ᠤᠭᠠᠨ ᠳᠤ ᠤᠷᠤᠯᠴᠠᠭᠰᠠᠨ ᠤᠯᠤᠰ ᠲᠥᠷᠥ ᠶᠢᠨ ᠵᠦ᠋ᠪᠯᠡᠯᠭᠡᠨ ᠦ ᠭᠡᠰᠢᠭᠦᠳ ᠲᠤᠭᠤᠢ᠌ᠯᠠᠩ ᠬᠤᠪᠢᠶᠠᠵᠤ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠢ ᠬᠢᠨᠠᠨ ᠵᠦ᠋ᠪᠯᠡᠵᠦ ᠶᠠᠷᠢᠯᠴᠠᠪᠠ᠃ ᠡᠦ ᠴᠢᠩ ᠬᠠᠢ᠂ ᠯᠢᠦ ᠶᠦ᠋ᠩ᠂ ᠭᠦᠸᠸ ᠮᠢᠩ ᠴᠢᠶ‍ᠦ᠋ᠨ᠂ ᠯᠢᠦ ᠶᠣᠣ᠂ ᠯᠢᠦ ᠰᠢ ᠯᠢᠨ᠂ ᠪᠠᠢ ᠶᠠᠨ ᠰᠢᠦᠸᠠᠢ᠂ ᠯᠢ ᠢᠦᠢ ᠹᠦ᠋᠂ ᠶᠣᠣ ᠼᠠᠢ ᠶᠠᠨ᠂ ᠰᠦ᠋ᠸᠸ ᠮᠢᠩ ᠢᠦᠢ ᠵᠡᠷᠭᠡ ᠬᠤᠰᠢᠭᠤᠨ ᠤ ᠤᠳ᠋ᠤᠷᠢᠳ᠋ᠤᠯᠭ᠎ᠠ ᠲᠤᠭᠤᠢ᠌ᠯᠠᠩ  ᠬᠤᠪᠢᠶᠠᠵᠤ ᠬᠢᠨᠠᠨ ᠵᠦ᠋ᠪᠯᠡᠬᠦ ᠬᠤᠷᠠᠯ ᠳᠤ ᠤᠷᠤᠯᠴᠠᠪᠠ᠃

        


       


       
        ᠬᠤᠶᠠᠳ᠋ᠤᠭᠠᠷ ᠲᠦ᠋ᠯᠦᠭᠡᠯᠡᠭ᠍ᠴᠢᠳ ᠦᠨ ᠪᠦᠯᠬᠦᠮ ᠳᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠲᠦ᠋ᠯᠦᠭᠡᠯᠡᠭ᠍ᠴᠢᠳ ᠲᠡᠶ ᠬᠠᠮᠳ᠋ᠤ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠢ ᠬᠢᠨᠠᠨ ᠵᠦ᠋ᠪᠯᠡᠵᠦ᠂ ᠲᠦ᠋ᠯᠦᠭᠡᠯᠡᠭ᠍ᠴᠢᠳ ᠦᠨ ᠲᠤᠷᠠᠳ᠋ᠤᠭᠰᠠᠨ ᠰᠠᠨᠠᠯ ᠵᠦ᠋ᠪᠯᠡᠯᠭᠡ ᠶᠢ ᠰᠤᠨᠤᠰᠤᠭᠰᠠᠨ ᠪᠦᠭᠡᠳ ᠲᠡᠳ᠋ᠡᠨ ᠲᠡᠶ ᠰᠠᠨᠠᠯ ᠶᠢᠡᠨ ᠬᠦᠨᠵᠡᠭᠡᠢ ᠰᠤᠯᠢᠯᠴᠠᠪᠠ᠃ ᠡᠦ ᠴᠢᠩ ᠬᠠᠢ ᠡᠴᠡ᠂ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠨᠢ ᠵᠠᠷᠤᠳ ᠬᠣᠰᠢᠭᠤᠨ ᠤ ᠤᠯᠤᠭᠰᠠᠨ ᠱᠠᠳ᠋ᠤᠴᠢ ᠴᠢᠨᠠᠷᠳ᠋ᠠᠢ ᠦᠷ᠎ᠠ ᠪᠦᠳ᠋ᠦᠭᠡᠯ ᠳ᠋ᠦ ᠰᠢᠨᠵᠢᠯᠡᠬᠦ ᠤᠬᠠᠭᠠᠨᠴᠢ ᠳ᠋ᠦ᠋ᠩᠨᠡᠯᠳ᠋ᠡ ᠬᠢᠵᠦ᠂ ᠬᠦᠭ᠍ᠵᠢᠯᠳ᠋ᠡ ᠶᠢᠨ ᠬᠠᠷᠡᠯᠳ᠋ᠡ ᠪᠤᠯᠤᠨ ᠲᠤᠯᠭᠠᠷᠠᠵᠤ ᠪᠠᠢ᠌ᠭ᠎ᠠ ᠬᠦᠭ᠍ᠵᠢᠯᠳ᠋ᠡ ᠶᠢᠨ ᠪᠠᠢ᠌ᠳ᠋ᠠᠯ ᠳᠤ ᠪᠣᠰᠤᠳᠴᠢ ᠵᠠᠳ᠋ᠠᠯᠤᠯᠤᠳ᠋ᠠ ᠬᠢᠵᠦ᠂ ᠮᠡᠳ᠋ᠡᠭᠦᠯᠦᠯᠳ᠋ᠡ ᠪᠤᠳ᠋ᠠᠳ᠋ᠠᠢ ᠡᠴᠡ ᠡᠭᠦᠰᠴᠦ᠂ ᠪᠦᠬᠦ ᠬᠣᠰᠢᠭᠤᠨ ᠤ ᠬᠤᠢ᠌ᠰᠢᠳ᠋ᠡ ᠶᠢᠨ ᠬᠦᠭ᠍ᠵᠢᠯᠳ᠋ᠡ ᠶᠢᠨ ᠵᠠᠮ ᠢ ᠲᠤᠳ᠋ᠤᠷᠬᠠᠢ᠌ᠯᠠᠪᠠ ᠭᠡᠵᠦ ᠵᠢᠭᠠᠨ ᠭᠠᠷᠭᠠᠪᠠ᠃

         


       
       ᠡᠦ ᠴᠢᠩ ᠬᠠᠢ ᠡᠴᠡ᠂ ᠠᠷᠠᠳ ᠤᠨ ᠲᠦ᠋ᠯᠦᠭᠡᠯᠡᠭ᠍ᠴᠢᠳ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳ᠋ᠤᠨ ᠤ ᠲᠤᠬᠢᠷᠠᠭᠤᠯᠤᠭᠰᠠᠨ ᠠᠵᠢᠯ ᠢ ᠢᠳ᠋ᠡᠪᠬᠢᠳ᠋ᠠᠢ ᠪᠠᠢ᠌ᠴᠠᠭᠠᠨ ᠰᠤᠳ᠋ᠤᠯᠵᠤ᠂ ᠡᠯ᠎ᠠ ᠲᠦ᠋ᠷᠦᠯ ᠦᠨ ᠠᠵᠢᠯ ᠢ ᠪᠤᠳ᠋ᠠᠳ᠋ᠠᠢ ᠳᠤ ᠨᠠᠢ᠌ᠳ᠋ᠠᠪᠤᠷᠢᠵᠢᠭᠤᠯᠬᠤ ᠶᠢ ᠱᠠᠭᠠᠷᠳ᠋ᠠᠨ᠎ᠠ᠃ ᠪᠤᠬᠢᠷᠳ᠋ᠤᠯ ᠦᠭᠡᠶ ᠬᠦᠭ᠍ᠵᠢᠯᠳ᠋ᠡ ᠶᠢᠨ ᠤᠢ᠌ᠯᠠᠭᠠᠭᠳ᠋ᠠᠬᠤᠨ ᠢ ᠪᠠᠲᠤ ᠪᠣᠢ ᠪᠣᠯᠭᠠᠨ ᠦᠢᠯᠡᠳ᠋ᠦᠯᠭᠡᠵᠢᠭᠦᠯᠵᠦ᠂ ᠨᠤᠳ᠋ᠤᠭ ᠪᠡᠯᠴᠢᠭᠡᠷ ᠦᠨ ᠠᠮᠢ ᠠᠬᠤᠢ ᠡᠬᠢ ᠪᠠᠶᠠᠯᠢᠭ ᠤᠨ ᠬᠠᠮᠠᠭᠠᠯᠠᠯᠳ᠋ᠠ ᠶᠢ ᠦᠷᠭᠦᠯᠵᠢᠯᠡᠨ ᠴᠢᠩᠭ᠋ᠠᠳᠬᠠᠵᠤ᠂ ᠠᠮᠢ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠦᠷ᠎ᠠ ᠪᠦᠳ᠋ᠦᠭᠡᠯ ᠢ ᠦᠨᠡᠨ ᠬᠥ ᠪᠡᠬᠢᠵᠢᠭᠦᠯᠬᠦ ᠬᠡᠷᠡᠭ᠍ᠲᠡᠢ᠃ ᠤᠬᠠᠭᠤᠯᠭ᠎ᠠ ᠶᠢᠨ ᠡᠷᠴᠢᠮ  ᠢᠶᠡᠨ ᠴᠢᠩᠭ᠋ᠠᠷᠠᠭᠤᠯᠤᠨ᠂ ᠣᠷᠴᠢᠨ ᠲᠤᠭᠤᠷᠢᠨ ᠢ ᠬᠠᠮᠠᠭᠠᠯᠠᠬᠤ ᠳᠤ ᠬᠦᠮᠦᠨ ᠪᠦᠬᠦᠨ ᠬᠠᠷᠢᠭᠤᠴᠠᠯᠭ᠎ᠠ ᠲᠡᠶ ᠭᠡᠬᠦ ᠦᠵᠡᠯ ᠤᠬᠠᠮᠰᠡᠷ ᠢ ᠪᠤᠢ ᠪᠣᠯᠭᠠᠵᠤ᠂ ᠡᠳ᠋ᠦᠷ ᠲᠤᠳ᠋ᠤᠮ ᠤᠨ ᠬᠢᠨᠠᠨ ᠬᠠᠮᠢᠶᠠᠷᠤᠯᠳ᠋ᠠ ᠶᠢ ᠴᠢᠩᠭ᠋ᠠᠳᠬᠠᠨ᠂ ᠪᠡᠯᠴᠢᠭᠡᠷ ᠤᠨ ᠪᠠᠭᠳ᠋ᠠᠭᠠᠮᠵᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠤᠭᠳ᠋ᠠᠭᠠᠵᠤ᠂ ᠲᠤᠷ᠎ᠠ ᠪᠠᠷ ᠮᠠᠯᠵᠢᠬᠤ ᠪᠠ ᠲᠠᠭᠠᠭᠠᠴᠠ ᠡᠴᠡ ᠬᠡᠳ᠋ᠦᠷᠡᠭᠦᠯᠦᠨ ᠮᠠᠯᠵᠢᠬᠤ ᠶᠢ ᠴᠢᠩᠭ᠎ᠠ ᠴᠠᠭᠠᠵᠠᠯᠠᠨ᠂ ᠮᠠᠯᠴᠢᠨ ᠲᠠᠷᠢᠶᠠᠴᠢᠨ ᠢ ᠬᠦᠳ᠋ᠦᠯᠦᠨ ᠵᠢᠯᠤᠭᠤᠳᠴᠦ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠨᠤᠲᠤᠭ ᠪᠡᠯᠴᠢᠭᠡᠷ ᠦᠨ ᠬᠠᠮᠠᠭᠠᠯᠠᠯᠳ᠋ᠠ ᠶᠢ ᠰᠠᠢ᠌ᠳ᠋ᠤᠷ ᠬᠢᠬᠦ ᠬᠡᠷᠡᠭ᠍ᠲᠡᠢ᠃ ᠬᠦᠳ᠋ᠡᠭᠡ ᠲᠤᠰᠬᠤᠨ ᠤ ᠵᠠᠮ ᠬᠠᠷᠢᠯᠴᠠᠭᠠᠨ ᠤ ᠠᠮᠤᠷ ᠲᠦ᠋ᠪᠰᠢᠨ ᠦ ᠬᠠᠮᠢᠶᠠᠷᠤᠯᠳ᠋ᠠ ᠶᠢ ᠴᠢᠩᠭ᠋ᠠᠳᠬᠠᠵᠤ᠂ ᠡᠪᠳ᠋ᠡᠷᠡᠵᠦ ᠰᠦ᠋ᠢᠳ᠋ᠦᠭ᠍ᠰᠡᠨ ᠵᠠᠮ ᠤᠨ ᠭᠠᠳ᠋ᠠᠷᠭᠤ ᠶᠢ ᠴᠠᠭ ᠲᠤᠬᠠᠢ ᠳ᠋ᠤᠨᠢ ᠰᠡᠯᠪᠢᠨ ᠵᠠᠰᠠᠵᠤ᠂ ᠠᠮᠤᠷ ᠲᠦ᠋ᠪᠰᠢᠨ᠂ ᠡᠶ᠎ᠠ ᠵᠤᠬᠢᠴᠠᠯ ᠲᠡᠶ᠂ ᠡᠮᠬᠢ ᠵᠢᠷᠤᠮ ᠲᠡᠶ᠂ ᠰᠠᠭᠠᠳ ᠦᠭᠡᠶ ᠨᠡᠪᠳ᠋ᠡᠷᠡᠬᠦ ᠵᠠᠮ ᠬᠠᠷᠢᠯᠴᠠᠭᠠᠨ ᠤ ᠣᠷᠴᠢᠨ ᠨᠦ᠋ᠭᠦᠴᠡᠯ ᠢ ᠪᠤᠢ ᠪᠣᠯᠭᠠᠬᠤ ᠬᠡᠷᠡᠭ᠍ᠲᠡᠢ ᠭᠡᠵᠦ ᠴᠢᠩᠭ᠋ᠠᠳᠬᠠᠪᠠ᠃

        


      


        
        ᠬᠢᠨᠠᠨ ᠵᠦ᠋ᠪᠯᠡᠵᠦ ᠶᠠᠷᠢᠯᠴᠠᠬᠤ ᠲᠤᠮᠲᠠ᠂ ᠲᠦ᠋ᠯᠦᠭᠡᠯᠡᠭ᠍ᠴᠢᠳ《ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ》 ᠤᠨ ᠲᠤᠭᠤᠷᠢᠨ ᠳᠤ ᠢᠳ᠋ᠡᠪᠬᠢᠳ᠋ᠠᠢ ᠪᠠᠷ ᠶᠠᠷᠢᠶ᠎ᠠ ᠲᠠᠯᠪᠢᠵᠤ᠂  ᠦᠪᠡᠷ ᠦᠪᠡᠷ ᠦᠨ ᠪᠤᠳ᠋ᠤᠯ ᠰᠠᠨᠠᠯ ᠶᠢᠡᠨ ᠶᠠᠷᠢᠨ᠂《ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ》ᠦᠨᠡᠨ ᠡᠴᠡ ᠵᠥᠪ ᠢ ᠡᠷᠢᠵᠦ᠂ ᠪᠦᠬᠦ ᠲᠠᠯ᠎ᠠ ᠶᠢᠨ ᠬᠠᠷᠠᠭᠠᠰᠦ ᠡᠴᠡ 2022 ᠣᠨ ᠤ ᠠᠵᠢᠯ ᠶᠢᠡᠨ ᠡᠷᠭᠢᠴᠡᠭᠦᠯᠵᠦ᠂ ᠭᠤᠤᠯᠳ᠋ᠠᠯᠭ᠎ᠠ ᠶᠢ ᠲᠤᠪᠤᠢ᠌ᠯᠭᠠᠨ᠂ ᠬᠢᠯᠠᠰ ᠴᠡᠭ᠌ ᠢ ᠢᠯᠡᠷᠡᠭᠦᠯᠦᠨ᠂ ᠲᠤᠪᠤᠢ᠌ᠮ᠎ᠠ ᠠᠮᠵᠢᠯᠳ᠋ᠡ ᠪᠦᠳ᠋ᠦᠮᠵᠢ ᠤᠯᠤᠭᠰᠠᠨ ᠪᠠᠢ᠌ᠨ᠎ᠠ᠃ 2023 ᠣᠨ ᠤ ᠠᠵᠢᠯ ᠤᠨ ᠬᠠᠷᠡᠯᠳ᠋ᠡ ᠪᠠ ᠭᠣᠣᠯ ᠡᠭᠦᠷᠭᠡ ᠨᠢ ᠪᠤᠳ᠋ᠠᠳ᠋ᠠᠢ ᠲᠡᠶ ᠨᠡᠢ᠌ᠴᠡᠨ᠂ ᠮᠠᠰᠢ ᠴᠢᠩᠭ᠎ᠠ ᠵᠢᠯᠤᠭᠤᠳᠬᠤ ᠴᠢᠨᠠᠷ᠂ ᠬᠠᠨᠳ᠋ᠤᠯᠭᠠᠳ᠋ᠤ ᠴᠢᠨᠠᠷ ᠪᠠ ᠬᠡᠷᠡᠭ᠍ᠵᠢᠭᠦᠯᠵᠦ ᠪᠣᠯᠬᠤᠢ᠌ᠴᠠ ᠴᠢᠨᠠᠷ ᠲᠡᠶ ᠪᠠᠢ᠌ᠵᠤ᠂ ᠡᠷᠴᠢ ᠬᠦᠴᠦ ᠶᠢ ᠨᠡᠮᠡᠭ᠍ᠳ᠋ᠡᠭᠦᠯᠦᠨ᠂ ᠢᠲᠡᠭᠡᠯ ᠵᠣᠷᠢᠭ ᠢ ᠬᠦᠪᠴᠢᠯᠡᠭ᠍ᠰᠡᠨ ᠪᠠᠢ᠌ᠨ᠎ᠠ ᠭᠡᠵᠦ ᠢᠯᠡᠷᠬᠡᠢ᠌ᠯᠡᠵᠡᠭᠡᠪᠡ᠃

        


        


       
        ᠲᠦ᠋ᠯᠦᠭᠡᠯᠡᠭ᠍ᠴᠢᠳ ᠭᠡᠰᠢᠭᠦᠳ ᠪᠠᠰᠠ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳ᠋ᠤᠨ ᠤ 2022 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠦ᠋ᠢᠯ ᠢ ᠠᠷᠠᠳ ᠤᠨ ᠲᠦ᠋ᠯᠤᠭᠡᠯᠡᠭ᠍ᠴᠢ ᠪᠢᠯᠸᠲ ᠦᠭ᠍ᠴᠤ ᠪᠠᠳ᠋ᠤᠯᠠᠭᠰᠨᠨ ᠢ ᠪᠠᠶᠡᠯᠡᠬᠦᠯᠦᠭ᠍ᠰᠨᠨ ᠪᠠᠢ᠌ᠳ᠋ᠠᠯ ᠪᠠ 2023 ᠤᠨ ᠤ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠤᠯ ᠵᠤᠢ᠌ᠯ ᠤᠨ ᠵᠢᠱᠢᠭ᠍ᠳ᠋ᠡᠭ᠍ᠰᠨᠨ ᠲᠦ᠋ᠷᠤᠯ ᠵᠤᠢ᠌ᠯ ᠤᠨ ᠪᠦᠷᠢᠯᠳ᠋ᠦᠭ᠍ᠰᠨᠨ ᠪᠠᠢ᠌ᠳ᠋ᠠᠯ ᠤᠨ ᠮᠡᠳ᠋ᠡᠬᠦᠯᠤᠯᠳ᠋ᠠ᠂ 2022 ᠤᠨ ᠤ ᠤᠯᠤᠰ ᠠᠷᠠᠳ ᠤᠨ ᠠᠵᠤ ᠠᠬᠤᠢ ᠪᠠ ᠨᠠᠢ᠌ᠭᠡᠮ ᠤᠨ ᠬᠦᠭ᠍ᠵᠢᠯᠳ᠋ᠠ ᠶᠢᠨ ᠲᠦ᠋ᠯᠤᠪᠯᠡᠭᠡ ᠶᠢ ᠬᠦᠢᠴᠡᠳᠭᠡᠭ᠍ᠰᠨᠨ ᠪᠠᠢ᠌ᠳ᠋ᠠᠯ ᠵᠢᠴᠢ 2023 ᠤᠨ ᠤ ᠤᠯᠤᠰ ᠠᠷᠠᠳ ᠤᠨ ᠠᠵᠤ ᠠᠬᠤᠢ ᠪᠠ ᠨᠠᠢ᠌ᠭᠡᠮ ᠤᠨ ᠬᠦᠭ᠍ᠵᠢᠯᠳ᠋ᠠ ᠶᠢᠨ ᠲᠦ᠋ᠯᠤᠪᠯᠡᠭᠡ ᠶᠢᠨ ᠲᠦ᠋ᠰᠤᠯ ᠤᠨ ᠮᠡᠳ᠋ᠡᠬᠦᠯᠤᠯᠳ᠋ᠠ᠂ 2022 ᠤᠠ ᠤ ᠡᠳ᠋ ᠤᠨ ᠵᠠᠰᠠᠭ ᠤᠨ ᠲᠦ᠋ᠰᠤᠪ ᠢ ᠭᠦᠢᠴᠠᠳᠭᠡᠭ᠍ᠰᠠᠠ ᠪᠠᠢ᠌ᠲᠠᠯ ᠵᠢᠴᠢ 2023 ᠤᠨ ᠤ ᠡᠳ᠋ ᠤᠨ ᠵᠠᠰᠠᠭ ᠤᠨ ᠲᠦ᠋ᠰᠤᠪ ᠤᠨ ᠲᠦ᠋ᠰᠤᠯ ᠤᠨ ᠮᠠᠲᠠᠭᠦᠯᠤᠯᠳ᠋ᠠ ᠶᠢ ᠬᠢᠨᠠᠠ ᠵᠦ᠋ᠪᠯᠡᠵᠦ ᠶᠠᠷᠢᠯᠴᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠤᠳ᠋ᠠᠭᠠᠨ ᠤ ᠬᠤᠷᠠᠯᠳ᠋ᠤᠭᠠᠨ ᠡᠬᠢᠯᠡᠪᠡ
ᠳᠠᠷᠠᠭᠠᠬᠢ᠄ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠬᠣᠶᠠᠳ᠋ᠤᠭᠠᠷ ᠬᠤᠷᠠᠯ ᠬᠤᠷᠠᠯᠳ᠋ᠤᠪᠠ