ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠬᠣᠶᠠᠳ᠋ᠤᠭᠠᠷ ᠬᠤᠷᠠᠯ ᠬᠤᠷᠠᠯᠳ᠋ᠤᠪᠠ

1 ᠰᠠᠷ᠎ᠠ ᠶᠢᠨ 5 ᠤ ᠡᠳ᠋ᠦᠷ ᠦᠨ ᠣᠷᠣᠢ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠤ ᠲᠡᠷᠢᠭᠦᠯᠡᠭ᠍ᠴᠢᠳ ᠦᠨ ᠪᠦᠯᠬᠦᠮ ᠦᠨ ᠬᠣᠶᠠᠳ᠋ᠤᠭᠠᠷ ᠬᠤᠷᠠᠯ ᠬᠤᠷᠠᠯᠳ᠋ᠤᠵᠤ᠂ ᠬᠣᠰᠢᠭᠤᠨ ᠨᠠᠮ ᠤᠨ ᠬᠣᠷᠢᠶᠠᠨ ᠤ ᠱᠦ᠋ᠵᠢ ᠱᠤᠤ ᠶᠠᠨ ᠵᠢᠶᠦ᠋ᠨ ᠬᠤᠷᠠᠯ ᠡᠷᠭᠢᠯᠡᠪᠡ᠃
ᠬᠤᠷᠠᠯ ᠡᠴᠡ ᠡᠯ᠎ᠠ ᠲᠥᠯᠥᠭᠡᠯᠡᠭ᠍ᠴᠢᠳ ᠦᠨ ᠪᠦᠯᠬᠦᠮ ᠦᠨ ᠵᠠᠰᠠᠭ ᠤᠨ ᠣᠷᠳ᠋ᠣᠨ ᠤ ᠠᠵᠢᠯ ᠤᠨ ᠢᠯᠡᠳᠭᠡᠯ᠂ ᠠᠷᠠᠳ ᠤᠨ ᠠᠮᠢᠳ᠋ᠤᠷᠠᠯ ᠤᠨ ᠪᠣᠳ᠋ᠠᠲᠤ ᠶᠠᠪᠤᠳ᠋ᠠᠯ᠂ ᠲᠥᠯᠥᠪᠯᠡᠭᠡ ᠪᠣᠯᠣᠨ ᠲᠥᠰᠥᠪ ᠵᠡᠷᠭᠡ ᠲᠦ᠋ᠷᠪᠡᠨ ᠮᠡᠳ᠋ᠡᠭᠦᠯᠦᠯᠲᠡ ᠶᠢ ᠬᠢᠨᠠᠨ ᠵᠥᠪᠯᠡᠭ᠍ᠰᠡᠨ ᠪᠠᠢ᠌ᠳ᠋ᠠᠯ ᠤᠨ ᠬᠠᠷᠢᠭᠤ ᠮᠡᠳ᠋ᠡᠭᠦᠯᠦᠯᠲᠡ ᠶᠢ ᠰᠣᠨᠣᠰᠪᠠ᠃ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠤᠨ ᠰᠣᠩᠭ᠋ᠣᠭᠤᠯᠢ ᠶᠢᠨ ᠠᠷᠭ᠎ᠠ᠂ ᠠᠷᠠᠳ ᠤᠨ ᠠᠮᠢᠳ᠋ᠤᠷᠠᠯ ᠤᠨ ᠪᠣᠳ᠋ᠠᠲᠤ ᠶᠠᠪᠤᠳ᠋ᠠᠯ ᠤᠨ ᠲᠦ᠋ᠷᠦᠯ ᠵᠦ᠋ᠢᠯ ᠦᠨ ᠪᠢᠯᠧᠲ ᠥᠭ᠍ᠴᠦ ᠪᠠᠲᠤᠯᠠᠬᠤ ᠠᠷᠭ᠎ᠠ ᠶᠢ ᠪᠠᠲᠤᠯᠠᠪᠠ᠃ᠲᠥᠯᠥᠪᠯᠡᠭᠡ᠂ ᠲᠥᠰᠥᠪ ᠢ ᠬᠢᠨᠠᠨ ᠪᠠᠢ᠌ᠴᠠᠭᠠᠭᠰᠠᠨ ᠦᠷ᠎ᠠ ᠳ᠋ᠦ᠋ᠩ ᠦᠨ ᠮᠡᠳ᠋ᠡᠭᠦᠯᠦᠯᠲᠡ ᠪᠠ ᠶᠡᠬᠡ ᠬᠤᠷᠠᠯ ᠤᠨ ᠲᠥᠯᠦᠭᠡᠯᠡᠭ᠍ᠴᠢᠳ ᠦᠨ ᠬᠠᠮᠲᠤᠷᠠᠨ ᠵᠢᠱᠢᠭ᠍ᠳ᠋ᠡᠭ᠍ᠰᠡᠳ ᠢ ᠨᠡᠷ᠎ᠠ ᠳᠤᠷᠠᠳᠬᠤ ᠳᠠᠭᠤᠰᠬᠤ ᠬᠤᠭᠤᠴᠠᠭ᠎ᠠ ᠶᠢ ᠪᠠᠲᠤᠯᠠᠭᠰᠠᠨ ᠪᠦᠭᠡᠳ ᠲᠡᠷᠢᠭᠦᠯᠡᠭ᠍ᠴᠢᠳ ᠦᠨ ᠪᠦᠯᠬᠦᠮ ᠡᠴᠡ ᠵᠢᠱᠢᠭ᠍ᠳ᠋ᠡᠭ᠍ᠴᠢ ᠶᠢ ᠨᠡᠷ᠎ᠠ ᠲᠤᠷᠠᠳ᠋ᠤᠨ ᠲᠠᠨᠢᠯᠴᠠᠭᠤᠯᠬᠤ ᠶᠢ ᠪᠠᠲᠤᠯᠠᠪᠠ᠃ (ᠨᠠᠢ᠌ᠷᠠᠭᠤᠯᠤᠭᠴᠢ᠄ ᠯᠸᠢ ᠫᠠᠩ)