ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠤ ᠰᠠᠨᠠᠯ ᠵᠥᠪᠯᠡᠯᠭᠡ ᠶᠢ ᠬᠢᠨᠠᠨ ᠪᠠᠢ᠌ᠴᠠᠭᠠᠬᠤ ᠵᠦ᠋ᠪᠯᠡᠯ ᠤᠨ ᠬᠤᠷᠠᠯ ᠬᠤᠷᠠᠯᠳ᠋ᠤᠪᠠ
1ᠰᠠᠷ᠎ᠠ ᠶᠢᠨ 6 ᠤ ᠡᠳ᠋ᠦᠷ ᠦᠨ ᠦᠳ᠋ᠡ ᠶᠢᠨ ᠬᠣᠢ᠌ᠨ᠎ᠠ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠢ᠌ᠴᠠᠭᠠᠬᠤ ᠵᠥᠪᠯᠡᠯ ᠦᠨ ᠬᠤᠷᠠᠯ ᠬᠤᠷᠠᠯᠳ᠋ᠤᠪᠠ᠃ ᠬᠣᠰᠢᠭᠤᠨ ᠨᠠᠮ ᠤᠨ ᠬᠣᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠯᠢᠦ ᠶᠣᠣ᠂ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠳᠡᠳ᠋ ᠡᠷᠬᠢᠯᠡᠭ᠍ᠴᠢ ᠪᠦᠦ ᠯᠦ᠋ᠩ ᠵᠢᠴᠢ ᠰᠠᠨᠠᠯ ᠵᠥᠪᠯᠡᠯᠭᠡ ᠶᠢ ᠬᠢᠨᠠᠨ ᠪᠠᠢ᠌ᠴᠠᠭᠠᠬᠤ ᠵᠥᠪᠯᠡᠯ ᠦᠨ ᠪᠦᠷᠢᠯᠳ᠋ᠦᠭᠦᠨ ᠭᠡᠰᠢᠭᠦᠳ ᠬᠤᠷᠠᠯ ᠳᠤ ᠣᠷᠣᠯᠴᠠᠵᠦ᠂ ᠪᠦᠦ ᠯᠦ᠋ᠩ ᠬᠤᠷᠠᠯ ᠢ ᠡᠷᠭᠢᠯᠡᠪᠡ᠃

1 ᠰᠠᠷ᠎ᠠ ᠶᠢᠨ 6 ᠤ ᠡᠳ᠋ᠦᠷ ᠦᠨ ᠦᠳ᠋ᠡ ᠶᠢᠨ ᠡᠮᠦᠨᠡᠬᠢ 10 ᠴᠠᠭ ᠪᠣᠯᠲᠠᠯ᠎ᠠ᠂ ᠶᠡᠬᠡ ᠬᠤᠷᠠᠯ ᠤᠨ ᠨᠠᠷᠢᠨ ᠪᠢᠴᠢᠭ᠌ ᠦᠨ ᠭᠠᠵᠠᠷ ᠤᠨ ᠰᠠᠨᠠᠯ ᠵᠥᠪᠯᠡᠯᠭᠡ ᠶᠢᠨ ᠳᠤᠭᠤᠢ᠌ᠯᠠᠩ ᠦᠨᠡᠨ ᠪᠣᠳ᠋ᠠᠲᠠᠢ ᠪᠠᠢ᠌ᠳ᠋ᠠᠯ ᠪᠠ ᠠᠰᠠᠭᠤᠳ᠋ᠠᠯ ᠢ ᠲᠤᠰᠬᠠᠭᠰᠠᠨ 96 ᠬᠤᠪᠢ ᠰᠠᠨᠠᠯ ᠵᠥᠪᠯᠡᠯᠭᠡ ᠶᠢ ᠭᠥᠯᠢᠶᠡᠨ ᠠᠪᠴᠣ᠂ ᠰᠠᠨᠠᠯ ᠵᠦ᠋ᠪᠯᠡᠯᠭᠡ ᠨᠢ ᠨᠡᠯᠢᠶᠡᠳ ᠤᠯᠠᠨ ᠦᠨᠡᠨ ᠪᠤᠳ᠋ᠠᠳ᠋ᠠᠢ ᠪᠠᠢ᠌ᠳ᠋ᠠᠯ ᠪᠠ ᠠᠰᠠᠭᠤᠳ᠋ᠠᠯ ᠢ ᠲᠤᠰᠬᠠᠨ᠂ ᠦᠨᠳ᠋ᠦᠷ ᠦᠨ᠎ᠠ ᠥᠷᠳ᠋ᠡᠭ᠌ ᠲᠡᠶ ᠰᠠᠨᠠᠯ ᠵᠦ᠋ᠪᠯᠡᠯᠭᠡ ᠶᠢ ᠲᠤᠷᠠᠳ᠋ᠤᠵᠤ᠂ ᠬᠣᠲᠠ ᠶᠢᠨ ᠪᠦᠲᠦᠭᠡᠨ ᠪᠠᠢ᠌ᠭᠤᠯᠤᠯᠲᠠ ᠶᠢᠨ ᠬᠠᠮᠢᠶᠠᠷᠤᠯᠲᠠ᠂ ᠣᠷᠴᠢᠨ ᠲᠣᠭᠣᠷᠢᠨ ᠤ ᠬᠠᠮᠠᠭᠠᠯᠠᠯᠲᠠ᠂ ᠤᠯᠤᠰ ᠤᠨ ᠭᠠᠵᠠᠷ ᠰᠢᠷᠣᠢ᠂ ᠬᠥᠭ᠍ᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠬᠥᠳ᠋ᠡᠭᠡ ᠲᠣᠰᠬᠣᠨ ᠢ ᠬᠥᠭ᠍ᠵᠢᠭᠦᠯᠦᠨ ᠮᠠᠨᠳ᠋ᠤᠭᠤᠯᠬᠤ᠂ ᠵᠢᠭᠤᠯᠴᠢᠯᠠᠯ ᠵᠡᠷᠭᠡ ᠲᠠᠯ᠎ᠠ ᠶᠢᠨ ᠠᠭᠤᠯᠭ᠎ᠠ ᠶᠢ ᠬᠠᠮᠣᠷᠴᠣ᠂ ᠰᠠᠨᠠᠯ ᠵᠥᠪᠯᠡᠯᠭᠡ ᠶᠢ ᠬᠢᠨᠠᠨ ᠪᠠᠢ᠌ᠴᠠᠭᠠᠬᠤ ᠵᠦ᠋ᠪᠯᠡᠯ ᠡᠴᠡ ᠬᠢᠨᠠᠨ ᠵᠥᠪᠯᠡᠵᠦ ᠪᠠᠲᠣᠯᠠᠨ᠂ ᠲᠡᠭᠦᠨ ᠦ ᠳᠣᠲᠣᠷᠠᠬᠢ 36 ᠵᠦ᠋ᠢᠯ ᠦᠨ ᠵᠥᠪᠯᠡᠯᠭᠡ ᠶᠢ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠪᠤᠰᠤᠳ 60 ᠵᠦ᠋ᠢᠯ ᠦᠨ ᠰᠠᠨᠠᠭᠤᠯᠭ᠎ᠠ ᠲᠠᠶ ᠬᠠᠮᠲᠤ ᠳ᠋ᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭ᠍ᠴᠦ ᠰᠢ᠌ᠳᠪᠦᠷᠢᠯᠡᠭᠦᠯᠬᠦ ᠪᠡᠷ ᠲᠣᠭᠲᠠᠪᠠ᠃ (ᠨᠠᠢ᠌ᠷᠠᠭᠤᠯᠤᠭᠴᠢ᠄ ᠯᠸᠢ ᠫᠠᠩ)