ᠠᠷᠠᠳ ᠤᠨ ᠲᠥᠯᠦᠭᠡᠯᠡᠭᠴᠢᠳ ᠲᠤᠭᠤᠢ᠌ᠯᠠᠩ ᠬᠤᠪᠢᠶᠠᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠠ ᠰᠢᠬᠦᠬᠦ ᠬᠤᠷᠢᠶ᠎ᠠ ᠪᠠᠢ᠌ᠴᠠᠭᠠᠬᠤ ᠬᠤᠷᠢᠶᠠᠨ ᠤ ᠠᠵᠢᠯ ᠤᠨ ᠮᠡᠳ᠋ᠡᠬᠦᠯᠤᠯᠳ᠋ᠠ ᠶᠢ ᠬᠢᠨᠠᠨ ᠵᠦ᠋ᠪᠯᠡᠪᠡ



1 ᠰᠠᠷ᠎ᠠ ᠶᠢᠨ 6 ᠤ ᠡᠳ᠋ᠤᠷ᠂ ᠵᠠᠷᠤᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠳ᠋ᠥ ᠤᠷᠤᠯᠴᠠᠭᠰᠨᠨ ᠠᠷᠠᠳ ᠤᠨ ᠲᠦ᠋ᠯᠤᠭᠡᠯᠡᠭ᠍ᠴᠢᠳ ᠲᠤᠭᠤᠢ᠌ᠯᠠᠩ ᠬᠤᠪᠢᠶᠠᠨ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ᠂ ᠰᠢᠬᠦᠬᠦ ᠬᠤᠷᠢᠶ᠎ᠠ᠂ ᠪᠠᠢ᠌ᠴᠠᠭᠠᠬᠤ ᠬᠤᠷᠢᠶᠠᠨ ᠤ ᠠᠵᠢᠯ ᠤᠨ ᠮᠡᠳ᠋ᠡᠬᠦᠯᠤᠯᠳ᠋ᠠ ᠶᠢ ᠬᠢᠨᠠᠨ ᠵᠦ᠋ᠪᠯᠡᠪᠡ᠃ ᠬᠤᠰᠢᠭᠤᠨ ᠤ ᠤᠳ᠋ᠤᠷᠢᠳ᠋ᠤᠯᠭ᠎ᠠ ᠯᠢᠦ ᠶᠣᠣ᠂ ᠯᠢᠦ ᠰᠢ ᠯᠢᠨ᠂ ᠪᠠᠢ ᠶᠠᠨ ᠰᠢᠦᠸᠠᠢ᠂ ᠪᠣᠤ ᠯᠦ᠋ᠩ᠂ ᠵᠠᠩ ᠶᠦ᠋ᠩ ᠴᠢᠶᠠᠩ᠂ ᠶᠡᠩ ᠵᠸᠨ ᠴᠢᠩ᠂ ᠲᠤᠩᠭ᠋ᠠᠯᠠᠭ᠂ ᠴᠢᠦᠢ ᠶᠸ ᠬᠣᠩ ᠬᠢᠨᠠᠨ ᠵᠦ᠋ᠪᠯᠡᠬᠦ ᠳᠤ ᠤᠷᠤᠯᠴᠠᠪᠠ᠃


ᠬᠢᠨᠠᠨ ᠵᠦ᠋ᠪᠯᠡᠬᠦ ᠶᠠᠪᠤᠴᠠ ᠳᠤ᠂ ᠲᠦ᠋ᠯᠦᠭᠡᠯᠡᠭ᠍ᠴᠢᠳ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ ᠶᠢᠨ ᠲᠤᠭᠤᠷᠢᠨ ᠳᠤ᠂ ᠠᠵᠢᠯ ᠤᠨ ᠪᠣᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠵᠤ᠂ ᠲᠦ᠋ᠷᠥᠭ᠍ᠳ᠋ᠡᠯ ᠢᠶᠡᠨ ᠶᠠᠷᠢᠯᠴᠠᠨ᠂ ᠰᠠᠨᠠᠯ ᠵᠦ᠋ᠪᠯᠡᠯᠭᠡ ᠲᠤᠷᠠᠳ᠋ᠤᠨ ᠠᠷᠭ᠎ᠠ ᠤᠬᠠᠭᠠᠨ ᠭᠠᠷᠭᠠᠪᠠ᠃ ᠤᠯᠠᠨ ᠶᠢᠡᠷ ᠶᠢᠡᠨ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠢ ᠵᠢᠨ ᠫᠢᠩ ᠦᠨ ᠰᠢᠨ᠎ᠠ ᠴᠠᠭ ᠦᠶ᠎ᠠ ᠶᠢᠨ ᠲᠣᠮᠳ᠋ᠠᠳ᠋ᠤ ᠤᠯᠤᠰ ᠤᠨ ᠣᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠣᠯᠭᠠᠬᠤ ᠶᠢ ᠪᠠᠷᠢᠮᠳ᠋ᠡᠯᠡᠨ᠂ ᠢᠮᠠᠭᠳ᠋ᠠ ᠭᠤᠤᠯᠳ᠋ᠠᠯᠭ᠎ᠠ ᠶᠢᠨ ᠲᠤᠭᠤᠷᠢᠨ ᠳᠤ ᠶᠡᠬᠡ ᠲᠠᠯ᠎ᠠ ᠳᠤ ᠦᠢᠯᠡᠴᠢᠯᠡᠵᠦ᠂ ᠬᠠᠦᠯᠢ ᠪᠠᠷ ᠲᠤᠭᠳ᠋ᠠᠭᠰᠠᠨ ᠲᠡᠰ ᠲᠠᠷᠠᠭᠠᠯᠠᠯ ᠢ ᠵᠢᠷᠤᠮᠯᠡᠨ ᠡᠭᠦᠷᠭᠡ ᠬᠠᠷᠢᠭᠤᠴᠠᠯᠭ᠎ᠠ ᠢᠶᠡᠨ ᠭᠦᠢᠴᠡᠳᠭᠡᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠡᠯ ᠢ ᠭᠦᠨᠵᠡᠭᠡᠢ ᠦᠢᠯᠡᠳ᠋ᠦᠯᠭᠡᠵᠢᠭᠦᠯᠵᠦ᠂ ᠵᠠᠷᠤᠳ ᠤᠨ ᠤᠳ᠋ᠤᠬᠢᠴᠢᠯᠠᠯᠳ᠋ᠠ ᠶᠢᠨ ᠪᠦᠳ᠋ᠦᠭᠡᠨ ᠪᠠᠢ᠌ᠭᠤᠯᠤᠯᠳ᠋ᠠ ᠶᠢ ᠪᠦᠬᠦ ᠲᠠᠯ᠎ᠠ ᠪᠠᠷ ᠠᠬᠢᠭᠤᠯᠬᠤ ᠳᠤ ᠢᠳ᠋ᠡᠪᠬᠢᠳ᠋ᠠᠢ ᠬᠤᠪᠢ ᠨᠡᠮᠡᠷᠢ ᠦᠵᠡᠭᠦᠯᠪᠡ ᠭᠡᠪᠡ᠃


ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳ᠋ᠡᠭᠦᠯᠦᠯᠳ᠋ᠡ ᠪᠣᠯᠣᠨ ᠠᠷᠠᠳ ᠤᠨ ᠪᠠᠢ᠌ᠴᠠᠭᠠᠬᠤ ᠬᠤᠷᠢᠶ᠎ᠠ ᠶᠢᠨ ᠠᠵᠢᠯ ᠤᠨ ᠮᠡᠳ᠋ᠡᠭᠦᠯᠦᠯᠳ᠋ᠡ ᠶᠢ ᠬᠢᠨᠠᠨ ᠵᠦ᠋ᠪᠯᠡᠬᠦ ᠦᠶ᠎ᠠ ᠳ᠋ᠦ᠂ ᠲᠦ᠋ᠯᠦᠭᠡᠯᠡᠭ᠍ᠴᠢᠳ ᠡᠴᠡ ᠰᠢᠭᠦᠬᠦ ᠬᠤᠷᠢᠶ᠎ᠠ ᠪᠠᠢ᠌ᠴᠠᠭᠠᠬᠤ ᠬᠤᠷᠢᠶ᠎ᠠ ᠨᠢ ᠰᠢ ᠵᠢᠨ ᠫᠢᠩ ᠦᠨ ᠬᠠᠦᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠡᠢ᠌ᠭᠡᠮ ᠦᠨ ᠶᠡᠬᠡ ᠲᠠᠯ᠎ᠠ ᠶᠢᠨ ᠲᠤᠭᠳ᠋ᠠᠭᠤᠨ ᠢ ᠬᠠᠮᠠᠭᠠᠯᠠᠬᠤ᠂ ᠠᠵᠤ ᠠᠬᠤᠢ ᠶᠢᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ᠂ ᠠᠷᠠᠳ ᠲᠦ᠋ᠮᠡᠨ ᠦ ᠵᠣᠯ ᠵᠢᠷᠭᠠᠯ ᠢ ᠨᠡᠡᠮᠭ᠍ᠳ᠋ᠡᠭᠦᠯᠬᠦ ᠵᠡᠷᠭᠡ ᠲᠠᠯ᠎ᠠ ᠪᠠᠷ ᠢᠳ᠋ᠡᠪᠬᠢᠳ᠋ᠠᠢ ᠦᠢᠯᠡᠳ᠋ᠦᠯ ᠦᠵᠡᠭᠦᠯᠪᠡ ᠭᠡᠪᠡ᠃



ᠤᠯᠨᠨ ᠶᠢᠡᠷ ᠶᠢᠡᠨ ᠢᠯᠡᠷᠭᠡᠢ᠌ᠯᠡᠭ᠍ᠰᠨᠨ ᠨᠢ᠂ ᠠᠷᠠᠳ ᠲᠦ᠋ᠮᠨᠨ ᠶᠢᠡᠷ ᠭᠤᠤᠯ ᠪᠤᠯᠭᠠᠬᠤ ᠬᠦᠭ᠍ᠵᠢᠯᠳ᠋ᠠ ᠶᠢᠨ ᠦᠵᠡᠯ ᠰᠠᠨᠠᠭ᠎ᠠ ᠶᠢ ᠪᠠᠳ᠋ᠤ ᠪᠠᠬᠢ ᠪᠤᠢ ᠪᠤᠯᠭᠠᠵᠤ᠂ ᠠᠷᠠᠳ ᠤᠯᠠᠨ ᠲᠡᠶ ᠬᠠᠷᠢᠯᠴᠠᠬᠤ ᠬᠦᠬᠦᠷᠭᠡ ᠬᠤᠯᠪᠤᠭᠠᠰᠤ ᠶᠢᠨ ᠤᠢ᠌ᠯᠡᠳ᠋ᠤᠯ ᠢ ᠬᠦᠢᠴᠡᠳ ᠪᠠᠳ᠋ᠠᠷᠠᠭᠤᠯᠵᠤ᠂ ᠠᠷᠠᠳ ᠤᠯᠨᠨ ᠤ ᠦᠨᠳ᠋ᠤᠰᠤᠨ ᠠᠰᠢᠭ ᠲᠤᠰᠨ ᠶᠢ ᠰᠠᠢ᠌ᠳ᠋ᠤᠷ ᠪᠡᠶᠠᠯᠡᠬᠦᠯᠬᠦ᠂ ᠰᠠᠢ᠌ᠳ᠋ᠤᠷ ᠬᠠᠮᠠᠭᠠᠯᠠᠬᠤ᠂ ᠰᠠᠢ᠌ᠳ᠋ᠤᠷ ᠬᠦᠭ᠍ᠵᠢᠬᠦᠯᠬᠦ ᠶᠢ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢᠨ ᠡᠬᠦᠰᠤᠯ ᠲᠡᠭᠦᠰᠭᠡᠯ ᠪᠤᠯᠭᠠᠨ᠎ᠠ᠃ ᠰᠠᠨᠠᠭᠠᠴᠢᠯᠠᠭ᠎ᠠ ᠡᠴᠨ ᠪᠠᠨ ᠦᠨᠳ᠋ᠤᠰᠤᠨ ᠱᠠᠳ᠋ᠤᠨ ᠳ᠋ᠥ ᠬᠦᠨᠵᠡᠭᠡᠢ᠌ᠷᠡᠵᠤ᠂ ᠪᠤᠳ᠋ᠠᠳ᠋ᠠᠢ ᠳ᠋ᠥ ᠬᠦᠨᠵᠡᠭᠡᠢ᠌ᠷᠡᠨ᠂ ᠤᠯᠨᠨ ᠲᠦ᠋ᠮᠨᠨ ᠲᠡᠶ ᠨᠢᠭᠳ᠋ᠠ ᠬᠠᠷᠢᠯᠴᠠᠵᠤ᠂ ᠤᠯᠨᠨ ᠲᠦ᠋ᠮᠨᠨ ᠤ ᠰᠡᠳᠬᠢᠯ ᠤᠨ ᠲᠠᠭᠤᠨ ᠢ ᠰᠤᠨᠤᠰᠴᠤ᠂ ᠠᠷᠠᠳ ᠤᠨ ᠪᠠᠢ᠌ᠳ᠋ᠠᠯ ᠳ᠋ᠥ ᠨᠡᠢ᠌ᠴᠡᠭ᠍ᠰᠨᠨ᠂ ᠠᠷᠠᠳ ᠤᠨ ᠰᠡᠳᠬᠢᠯ ᠳ᠋ᠥ ᠨᠡᠢ᠌ᠴᠡᠭ᠍ᠰᠨᠨ᠂ ᠠᠷᠠᠳ ᠤᠨ ᠰᠠᠨᠠᠭ᠎ᠠ ᠶᠢ ᠢᠯᠡᠷᠡᠬᠦᠯᠦᠭ᠍ᠰᠨᠨ ᠰᠠᠨᠠᠯ ᠵᠦ᠋ᠪᠯᠡᠯᠭᠡ ᠪᠠ ᠰᠠᠨᠠᠭᠤᠯᠭ᠎ᠠ ᠶᠢ ᠢᠯᠡᠬᠦᠭᠡᠨ ᠲᠤᠷᠠᠳᠴᠤ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠤᠨ ᠬᠦᠭ᠍ᠵᠢᠯᠳ᠋ᠠ ᠳ᠋ᠥ ᠬᠠᠮᠳ᠋ᠤ ᠶᠢᠨ ᠲᠠᠨᠢᠯᠳ᠋ᠠ ᠶᠢ ᠨᠢᠭᠳ᠋ᠠᠷᠠᠭᠤᠯᠵᠤ᠂ ᠬᠦᠴᠤᠨ ᠴᠢᠳ᠋ᠠᠯ ᠢ ᠬᠤᠷᠠᠮᠳ᠋ᠤᠭᠤᠯᠤᠨ᠂ ᠤᠳ᠋ᠤᠬᠢᠴᠢᠯᠠᠭᠰᠨᠨ ᠵᠠᠷᠤᠤᠨ ᠢ ᠪᠦᠳ᠋ᠤᠭᠡᠨ ᠪᠠᠢ᠌ᠭᠤᠯᠬᠤ ᠳ᠋ᠥ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠤᠨ᠎ᠠ ᠭᠡᠵᠡᠢ᠃ (ᠨᠠᠢ᠌ᠷᠠᠭᠤᠯᠤᠭᠴᠢ᠄ ᠯᠸᠢ ᠫᠠᠩ)