ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠤ ᠬᠣᠶᠠᠳ᠋ᠤᠭᠠᠷ ᠪᠥᠬᠥᠳ᠋ᠡ ᠬᠤᠷᠠᠯ ᠬᠤᠷᠠᠯᠳ᠋ᠤᠪᠠ

1ᠰᠠᠷ᠎ᠠ ᠶᠢᠨ 6 ᠤ ᠡᠳ᠋ᠦᠷ ᠦᠨ ᠦᠳ᠋ᠡ ᠶᠢᠨ ᠡᠮᠦᠨ᠎ᠠ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠤ ᠬᠣᠶᠠᠳ᠋ᠤᠭᠠᠷ ᠪᠥᠬᠥᠳ᠋ᠡ ᠬᠤᠷᠠᠯ ᠬᠣᠰᠢᠭᠤᠨ ᠤ ᠰᠣᠶᠣᠯ ᠤᠬᠠᠭᠤᠯᠭ᠎ᠠ ᠶᠢᠨ ᠲᠥᠪ ᠲᠤ ᠬᠤᠷᠠᠯᠳ᠋ᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ᠂ ᠬᠤᠰᠢᠭᠤᠨ ᠤ ᠠᠷᠠᠳ ᠤᠨ ᠪᠠᠢ᠌ᠴᠠᠭᠠᠬᠤ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ ᠶᠢ ᠰᠤᠨᠤᠰᠪᠠ᠃
ᠥᠨᠥᠳ᠋ᠥᠷ ᠦᠨ ᠶᠡᠬᠡ ᠬᠤᠷᠠᠯ ᠤᠨ ᠭᠦᠢᠴᠡᠳᠭᠡᠭ᠍ᠴᠢ ᠲᠡᠷᠢᠭᠦᠯᠡᠭ᠍ᠴᠢ ᠪᠣᠯ ᠱᠤᠤ ᠶᠠᠨ ᠵᠢᠶᠦ᠋ᠨ᠂ ᠡᠦ ᠴᠢᠩ ᠬᠠᠢ᠂ ᠭᠦᠸᠧ ᠮᠢᠩ ᠴᠢᠶᠦ᠋ᠨ᠂ ᠯᠢᠦ ᠶᠤᠤ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ᠂ ᠶᠠᠩ ᠵᠧᠨ ᠴᠢᠩ᠂ ᠯᠢ ᠴᠧᠩ ᠭᠦᠸᠧ᠂ ᠬᠥᠭ᠍ᠵᠢᠯ᠂ ᠵᠧᠦ ᠪᠢᠩ ᠡᠦ᠂ ᠴᠧᠨ ᠵᠢᠢ ᠪᠸᠨ᠂ ᠪᠠᠢ ᠱᠦ᠋ᠨ᠂ ᠯᠢᠦ ᠰᠢᠶᠣᠣ ᠴᠢᠶᠠᠨ᠂ ᠲᠡᠭ᠍ᠰᠢ᠂ ᠱᠤᠸᠠᠩᠰᠢ᠂ ᠵᠠᠩ ᠽᠢ ᠰᠢᠤᠸᠠᠢ᠂ ᠠᠨ ᠪᠠᠭᠠᠳ᠋ᠤᠷ ᠪᠣᠯᠣᠨ᠎ᠠ᠃
ᠱᠤᠤ ᠶᠠᠨ ᠵᠢᠶᠦ᠋ᠨ᠂ ᠡᠦ ᠴᠢᠩ ᠬᠠᠢ᠂ ᠯᠢᠦ ᠶᠦ᠋ᠩ᠂ ᠭᠦᠸᠧ ᠮᠢᠩ ᠴᠢᠶᠦ᠋ᠨ᠂ ᠪᠠᠲᠤ᠂ ᠯᠢᠦ ᠶᠤᠤ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ ᠲᠡᠷᠢᠭᠦᠯᠡᠭ᠍ᠴᠢ ᠶᠢᠨ ᠲᠠᠢ᠌ᠰᠠᠨ ᠤ ᠡᠮᠦᠨ᠎ᠠ ᠮᠥᠷ ᠲᠤ ᠰᠠᠭᠠᠲᠠᠵᠤ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠶᠣᠣ ᠼᠠᠢ ᠶᠠᠨ᠂ ᠰᠦ᠋ᠸᠸ ᠮᠢᠩ ᠢᠦᠢ᠂ ᠼᠤᠤ ᠢᠦᠢ ᠯᠦ᠋ᠩ᠂ ᠡᠦ ᠫᠧᠩ ᠹᠧᠢ᠂ ᠶᠠᠩ ᠵᠧᠨ ᠴᠢᠩ᠂ ᠯᠢ ᠶᠦ᠋ᠩ ᠬᠠᠢ᠂ ᠳ᠋ᠢᠩ ᡁᠢ ᠭᠠᠩ᠂ ᠼᠦ᠋ᠢ ᠯᠧᠢ ᠯᠧᠢ᠂ ᠭᠦᠸᠧ ᠶᠠ ᠹᠸᠩ᠂ ᠡᠦ ᠰᠢᠶᠣᠣ᠂ ᠳ᠋ᠠᠢ ᠪᠦᠦ ᠯᠢᠨ᠂ ᠸᠠᠩ ᠴᠧᠩ᠂ ᠲᠤᠩᠭ᠋ᠠᠯᠠᠭ᠂ ᠴᠢᠦᠢ ᠶᠧ ᠬᠣᠩ ᠵᠢᠴᠢ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠪᠦᠷᠢᠯᠳ᠋ᠦᠭᠦᠨ ᠲᠡᠷᠢᠭᠦᠯᠡᠭ᠍ᠴᠢ ᠶᠢᠨ ᠲᠠᠢ᠌ᠰᠠᠨ ᠳᠤ ᠰᠠᠭᠠᠲᠠᠵᠠᠢ᠃
ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠳᠤ ᠨᠡᠢ᠌ᠳ᠋ᠡ 198 ᠲᠥᠯᠥᠭᠡᠯᠡᠭ᠍ᠴᠢ ᠪᠣᠶ᠂ ᠲᠣᠰ ᠤᠳ᠋ᠠᠭᠠᠨ ᠤ ᠪᠥᠬᠥᠳ᠋ᠡ ᠬᠤᠷᠠᠯᠳ᠋ᠤᠭᠠᠨ ᠳᠤ 173 ᠲᠥᠯᠥᠭᠡᠯᠡᠭ᠍ᠴᠢ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠦ ᠲᠣᠭ᠎ᠠ ᠳᠤ ᠨᠡᠢ᠌ᠴᠡᠨᠠ᠃
ᠶᠡᠬᠡ ᠬᠤᠷᠠᠯ ᠢ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠶᠢᠨ ᠳᠡᠳ᠋ ᠡᠷᠬᠢᠯᠡᠭ᠍ᠴᠢ ᠪᠦᠦ ᠯᠦ᠋ᠩ ᠡᠷᠭᠢᠯᠡᠪᠡ᠃
ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠡᠷᠭᠢᠯᠡᠭ᠍ᠴᠢ ᠡᠦ ᠴᠢᠩ ᠬᠠᠢ ᠵᠠᠷᠤᠳ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠶᠢ ᠲᠥᠯᠥᠭᠡᠯᠡᠨ᠂ ᠬᠣᠰᠢᠭᠤᠨ ᠤ ᠠᠷᠠᠤᠨ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠠᠵᠢᠯ ᠤᠨ ᠮᠡᠳ᠋ᠡᠭᠦᠯᠦᠯᠳ᠋ᠡ ᠬᠢᠪᠡ᠃

ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠳᠠᠷᠤᠭ᠎ᠠ ᠲᠤᠩᠭ᠋ᠠᠯᠠᠭ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ ᠶᠢ ᠲᠦ᠋ᠯᠦᠭᠡᠯᠡᠨ ᠠᠵᠢᠯ ᠤᠨ ᠮᠡᠳ᠋ᠡᠭᠦᠯᠦᠯᠲᠡ ᠬᠢᠪᠠ᠃

ᠬᠣᠰᠢᠭᠤᠨ ᠤ ᠠᠷᠠᠳ ᠤᠨ ᠪᠠᠶ᠍ᠢᠴᠠᠭᠠᠬᠤ ᠬᠣᠷᠢᠶᠠᠨ ᠤ ᠪᠠᠶ᠍ᠢᠴᠠᠭᠠᠬᠤ ᠳᠠᠷᠤᠭ᠎ᠠ ᠴᠢᠦᠶ ᠶᠧ ᠬᠣᠩ ᠬᠣᠰᠢᠭᠤᠨ ᠤ ᠠᠷᠠᠳ ᠤᠨ ᠪᠠᠶ᠍ᠢᠴᠠᠭᠠᠬᠤ ᠬᠣᠷᠢᠶ᠎ᠠ ᠶᠢ ᠲᠥᠯᠥᠭᠡᠯᠡᠨ ᠠᠵᠢᠯ ᠤᠨ ᠮᠡᠳ᠋ᠡᠭᠦᠯᠦᠯᠲᠡ ᠬᠢᠪᠠ᠃ (ᠨᠠᠢ᠌ᠷᠠᠭᠤᠯᠤᠭᠴᠢ᠄ ᠯᠸᠢ ᠫᠠᠩ)