ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯ ᠠᠮᠵᠢᠯᠲᠠ ᠲᠠᠶ ᠲᠡᠭᠦᠰᠪᠡ
1 ᠰᠠᠷ᠎ᠠ ᠶᠢᠨ 6 ᠤ ᠡᠳ᠋ᠦᠷ ᠦᠨ ᠦᠳ᠋ᠡ ᠶᠢᠨ ᠬᠣᠢ᠌ᠨ᠎ᠠ᠂ ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠣᠶᠠᠳ᠋ᠤᠭᠠᠷ ᠬᠤᠷᠠᠯᠳ᠋ᠤᠭᠠᠨ ᠡᠯ᠎ᠠ ᠵᠥᠪᠯᠡᠬᠦ ᠵᠦ᠋ᠢᠯ ᠢᠶᠡᠨ ᠲᠡᠭᠦᠰ ᠠᠮᠵᠢᠯᠲᠠ ᠲᠠᠶ ᠳᠠᠭᠤᠰᠬᠠᠵᠤ᠂ ᠬᠣᠰᠢᠭᠤᠨ ᠤ ᠰᠣᠶᠣᠯ ᠤᠬᠠᠭᠤᠯᠭ᠎ᠠ ᠶᠢᠨ ᠲᠥᠪ ᠲᠤ ᠠᠮᠵᠢᠯᠲᠠ ᠲᠠᠶ ᠲᠡᠭᠦᠰᠪᠡ᠃

ᠲᠤᠰ ᠤᠳ᠋ᠠᠭᠠᠨ ᠤ ᠶᠡᠬᠡ ᠬᠤᠷᠠᠯ ᠤᠨ ᠭᠦᠢᠴᠡᠳᠭᠡᠭ᠍ᠴᠢ ᠲᠡᠷᠢᠭᠦᠯᠡᠭ᠍ᠴᠢ ᠪᠣᠯ ᠱᠤᠤ ᠶᠠᠨ ᠵᠢᠶᠦ᠋ᠨ᠂ ᠡᠦ ᠴᠢᠩ ᠬᠠᠢ᠂ ᠯᠢᠦ ᠶᠦ᠋ᠩ᠂ ᠭᠦᠸᠧ ᠮᠢᠩ ᠴᠢᠶᠦ᠋ᠨ᠂ ᠯᠢ ᠢᠦᠢ ᠹᠦ᠋᠂ ᠶᠣᠣ ᠼᠠᠢ ᠶᠠᠨ᠂ ᠰᠦ᠋ᠸᠸ ᠮᠢᠩ ᠢᠦᠢ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ᠂ ᠶᠠᠩ ᠵᠧᠨ ᠴᠢᠩ᠂ ᠠᠯᠲᠠᠨᠰᠠᠩ᠂ ᠵᠢᠶᠠᠩ ᠶᠦ᠋ᠩ ᠱᠠᠨ᠂ ᠵᠠᠩ ᠯᠢ ᠭᠦᠸᠧ᠂ ᠥᠯᠵᠡᠢ᠌ᠲᠦ᠂ ᠨᠠᠷᠠᠨᠮᠠᠨᠳ᠋ᠤᠯᠠ ᠪᠣᠯᠣᠨ᠎ᠠ᠃
ᠱᠤᠤ ᠶᠠᠨ ᠵᠢᠶᠦ᠋ᠨ᠂ ᠡᠦ ᠴᠢᠩ ᠬᠠᠢ᠂ ᠯᠢᠦ ᠶᠦ᠋ᠩ᠂ ᠭᠦᠸᠧ ᠮᠢᠩ ᠴᠢᠶᠦ᠋ᠨ᠂ ᠪᠠᠲᠤ᠂ ᠯᠢ ᠢᠦᠢ ᠹᠦ᠋᠂ ᠶᠣᠣ ᠼᠠᠢ ᠶᠠᠨ᠂ ᠪᠦᠦ ᠯᠦ᠋ᠩ᠂ ᠵᠠᠩ ᠶᠦ᠋ᠩ ᠴᠢᠶᠠᠩ᠂ ᠵᠠᠩ ᠴᠦ᠋ᠨ ᠾᠦ᠋ᠢ ᠲᠡᠷᠢᠭᠦᠯᠡᠭ᠍ᠴᠢ ᠶᠢᠨ ᠲᠠᠢ᠌ᠰᠠᠨ ᠤ ᠡᠮᠦᠨ᠎ᠠ ᠮᠥᠷ ᠲᠤ ᠰᠠᠭᠠᠲᠠᠵᠣ᠂ ᠯᠢᠦ ᠶᠤᠤ᠂ ᠯᠢᠦ ᠰᠢ ᠯᠢᠨ᠂ ᠪᠠᠢ ᠶᠠᠨ ᠰᠢᠤᠸᠠᠢ᠂ ᠰᠦ᠋ᠸᠸ ᠮᠢᠩ ᠢᠦᠢ᠂ ᠡᠦ ᠫᠧᠩ ᠹᠧᠢ᠂ ᠯᠢ ᠶᠦ᠋ᠩ ᠬᠠᠢ᠂ ᠮᠦ ᠲᠢᠶᠸ ᠮᠢᠨ᠂ ᠳ᠋ᠢᠩ ᡁᠢ ᠭᠠᠩ᠂ ᠭᠦᠸᠧ ᠶᠠ ᠹᠸᠩ᠂ ᠳ᠋ᠠᠢ ᠪᠦᠦ ᠯᠢᠨ᠂ ᠸᠠᠩ ᠴᠧᠩ᠂ ᠲᠤᠩᠭ᠋ᠠᠯᠠᠭ᠂ ᠴᠢᠦᠢ ᠶᠧ ᠬᠣᠩ ᠵᠢᠴᠢ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠪᠦᠷᠢᠯᠳ᠋ᠦᠭᠦᠨ ᠨᠡᠷ ᠲᠡᠷᠢᠭᠦᠯᠡᠭ᠍ᠴᠢ ᠶᠢᠨ ᠲᠠᠢ᠌ᠰᠠᠨ ᠳᠤ ᠰᠠᠭᠤᠯᠴᠠᠪᠠ᠃ ᠬᠣᠰᠢᠭᠤᠨ ᠨᠠᠮ ᠤᠨ ᠬᠣᠷᠢᠶᠠᠨ ᠤ ᠱᠦ᠋ᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃
ᠲᠤᠰ ᠤᠳ᠋ᠠᠭᠠᠨ ᠤ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭ᠍ᠴᠢ 198 ᠬᠥᠮᠥᠨ᠂ ᠪᠣᠳ᠋ᠠᠲᠠᠢ ᠣᠷᠣᠯᠴᠠᠭᠰᠠᠨ ᠲᠥᠯᠥᠭᠡᠯᠡᠭ᠍ᠴᠢ 171 ᠬᠥᠮᠥᠨ ᠪᠠᠢ᠌ᠵᠤ᠂ ᠬᠠᠤᠯᠢ ᠳᠤ ᠲᠣᠭᠲᠠᠭᠠᠭᠰᠠᠨ ᠬᠥᠮᠥᠨ ᠦ ᠲᠣᠭ᠎ᠠ ᠳᠤ ᠨᠡᠢ᠌ᠴᠡᠨᠠ᠃
ᠬᠤᠷᠠᠯ ᠡᠴᠡ ᠭᠠᠷ ᠡᠷᠭᠦᠨ ᠪᠠᠲᠤᠯᠠᠬᠤ ᠬᠡᠯᠪᠡᠷᠢ ᠪᠡᠷ《ᠵᠠᠷᠤᠳ ᠬᠣᠰᠢᠭᠤᠨ ᠤ ᠠᠷᠠᠳ ᠤᠨ ᠵᠠᠰᠠᠭ ᠤᠨ ᠣᠷᠳ᠋ᠣᠨ ᠤ ᠠᠵᠢᠯ ᠤᠨ ᠢᠯᠡᠳᠬᠡᠯ ᠦᠨ ᠰᠢ᠌ᠳᠪᠦᠷᠢ》᠂ 《ᠵᠠᠷᠤᠳ ᠬᠣᠰᠢᠭᠤᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠦᠨ ᠬᠦᠭ᠍ᠵᠢᠬᠦᠯᠦᠯᠳ᠋ᠡ ᠶᠢᠨ ᠲᠥᠯᠥᠪᠯᠡᠭᠡ ᠶᠢ ᠬᠡᠷᠡᠭ᠍ᠵᠢᠭᠦᠯᠦᠭ᠍ᠰᠡᠨ ᠪᠠᠢ᠌ᠳ᠋ᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠢ᠌ᠭᠡᠮ ᠦᠨ ᠬᠦᠭ᠍ᠵᠢᠬᠦᠯᠦᠯᠳ᠋ᠡ ᠶᠢᠨ ᠲᠥᠯᠥᠪᠯᠡᠭᠡ ᠶᠢᠨ ᠰᠢ᠌ᠳᠪᠦᠷᠢ》᠂《ᠵᠠᠷᠤᠳ ᠬᠣᠰᠢᠭᠤᠨ ᠤ 2022 ᠣᠨ ᠤ ᠡᠳ᠋ ᠦᠨ ᠵᠠᠰᠠᠭ ᠤᠨ ᠲᠥᠰᠥᠪ ᠢ ᠭᠦᠢᠴᠡᠳᠬᠡᠭ᠍ᠰᠡᠨ ᠪᠠᠢ᠌ᠳ᠋ᠠᠯ ᠵᠢᠴᠢ 2023 ᠣᠨ ᠤ ᠡᠳ᠋ ᠦᠨ ᠵᠠᠰᠠᠭ ᠤᠨ ᠲᠥᠰᠥᠪ ᠦᠨ ᠰᠢ᠌ᠳᠪᠦᠷᠢ》᠂《ᠵᠠᠷᠤᠳ ᠬᠣᠰᠢᠭᠤᠨ ᠤ ᠠᠷᠪᠠᠨ ᠳᠣᠯᠣᠳ᠋ᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠠᠵᠢᠯ ᠤᠨ ᠮᠡᠳᠡᠭᠦᠯᠦᠯᠳᠡ ᠶᠢᠨ ᠰᠢ᠌ᠳᠪᠦᠷᠢ》᠂《ᠵᠠᠷᠤᠳ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠮᠡᠳ᠋ᠡᠬᠦᠯᠦᠯᠳ᠋ᠡ ᠶᠢᠨ ᠰᠢ᠌ᠳᠪᠦᠷᠢ》《ᠵᠠᠷᠤᠳ ᠬᠣᠰᠢᠭᠤᠨ ᠤ ᠠᠷᠠᠳ ᠤᠨ ᠪᠠᠢ᠌ᠴᠠᠭᠠᠬᠤ ᠬᠣᠷᠢᠶᠠᠨ ᠤ ᠠᠵᠢᠯ ᠤᠨ ᠮᠡᠳ᠋ᠡᠬᠦᠯᠦᠯᠳ᠋ᠡ ᠶᠢᠨ ᠰᠢ᠌ᠳᠪᠦᠷᠢ》 ᠶᠢ ᠪᠠᠳ᠋ᠣᠯᠠᠪᠠ᠃
ᠱᠤᠤ ᠶᠠᠨ ᠵᠢᠶᠦ᠋ᠨ ᠶᠠᠷᠢᠶᠠᠨ ᠳ᠋ᠠᠭᠠᠨ ᠵᠢᠭᠠᠵᠤ ᠭᠠᠷᠭᠠᠭᠰᠠᠨ ᠨᠢ᠂ ᠲᠣᠰ ᠤᠳ᠋ᠠᠭᠠᠨ ᠤ ᠶᠡᠬᠡ ᠬᠤᠷᠠᠯ ᠪᠣᠯ ᠪᠥᠬᠥ ᠬᠣᠰᠢᠭᠤᠨ ᠤ ᠳᠡᠭᠡᠳ᠋ᠦ ᠳᠣᠣᠷᠠᠳ᠋ᠤ ᠱᠠᠲᠤᠨ ᠤ ᠨᠠᠮ ᠤᠨ ᠬᠣᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ᠂ ᠲᠥᠪ ᠦᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠪᠥᠬᠥ ᠬᠣᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠪᠥᠬᠥ ᠬᠣᠲᠠ ᠶᠢᠨ《ᠬᠣᠶᠠᠷ ᠬᠤᠷᠠᠯ》 ᠪᠠ ᠪᠥᠬᠥ ᠬᠣᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠰᠢᠷᠠᠮ ᠳᠤ ᠬᠤᠷᠠᠯᠳ᠋ᠤᠭᠤᠯᠤᠭᠰᠠᠨ ᠨᠢᠭᠡ ᠤᠳ᠋ᠠᠭᠠᠨ ᠤ ᠥᠨᠳ᠋ᠥᠷ ᠦᠷ᠎ᠠ ᠠᠰᠢᠭ ᠲᠠᠶ᠂ ᠠᠮᠵᠢᠯᠲᠠ ᠲᠠᠶ ᠴᠢᠬᠤᠯᠠ ᠬᠤᠷᠠᠯ ᠪᠣᠯᠣᠨ᠎ᠠ᠃ ᠡᠨᠡ ᠪᠣᠯ ᠨᠢᠭᠡ ᠤᠳ᠋ᠠᠭ᠎ᠠ ᠶᠢᠨ ᠲᠤᠭ ᠶᠢᠡᠨ ᠥᠨᠳ᠋ᠥᠷ ᠮᠠᠨᠳ᠋ᠤᠭᠤᠯᠵᠤ᠂ ᠪᠦᠯᠬᠦᠮᠳ᠋ᠡᠨ ᠲᠡᠮᠡᠴᠡᠭ᠍ᠰᠡᠨ ᠶᠡᠬᠡ ᠬᠤᠷᠠᠯ ᠪᠣᠯᠣᠨ᠎ᠠ᠂ ᠨᠢᠭᠡ ᠤᠳ᠋ᠠᠭ᠎ᠠ ᠶᠢᠨ ᠰᠡᠳᠬᠢᠯ ᠢᠶ᠍ᠡᠨ ᠨᠢᠭᠡᠳᠬᠡᠨ ᠬᠦᠴᠦᠨ ᠢᠶᠡᠨ ᠲᠥᠪᠯᠡᠷᠡᠭᠦᠯᠦᠭ᠍ᠰᠡᠨ᠂ ᠰᠤᠷᠲᠠᠯ ᠴᠢᠬᠡᠴᠢ ᠣᠪᠣᠷ ᠲᠥᠪ ᠶᠡᠬᠡ ᠬᠤᠷᠠᠯ ᠪᠣᠯᠣᠨ᠎ᠠ᠃ ᠡᠨᠡ ᠵᠢᠯ ᠪᠣᠯ ᠨᠠᠮ ᠤᠨ ᠬᠣᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠥᠬᠥ ᠲᠠᠯ᠎ᠠ ᠪᠠᠷ ᠨᠠᠢ᠌ᠳ᠋ᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠥᠬᠥ ᠬᠣᠰᠢᠭᠤᠨ ᠤ ᠬᠥᠭ᠍ᠵᠢᠯᠲᠡ ᠶᠢᠨ ᠰᠡᠳᠬᠢᠮᠵᠢ ᠶᠢ ᠰᠢᠰᠲ᠋ᠧᠮ ᠲᠡᠶ ᠬᠡᠷᠡᠭ᠍ᠵᠢᠭᠦᠯᠬᠦ ᠨᠢᠭᠡ ᠵᠢᠯ ᠮᠥᠨ᠂ ᠪᠠᠰᠠ ᠴᠤ ᠪᠢᠳ᠋ᠡᠨ ᠦ ᠲᠠᠪᠠᠯᠳ᠋ᠠᠳ᠋ᠣ ᠬᠦᠭ᠍ᠵᠢᠯᠳ᠋ᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ 2023 ᠣᠨ ᠤ ᠠᠵᠢᠯ ᠢ ᠰᠠᠢ᠌ᠲᠤᠷ ᠬᠢᠬᠦ ᠳ᠋ᠦ ᠣᠨᠴᠠᠭᠠᠶ ᠴᠢᠬᠤᠯᠠ ᠠᠴᠢ ᠬᠣᠯᠪᠣᠭᠳ᠋ᠠᠯ ᠲᠠᠶ ᠶᠤᠮ᠃ ᠡᠯ᠎ᠠ ᠱᠠᠲᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠬᠢᠨ ᠬᠥᠭ᠍ᠵᠢᠯᠲᠡ ᠶᠢᠨ ᠶᠡᠬᠡ ᠲᠠᠯ᠎ᠠ ᠶᠢ ᠴᠢᠩᠭ᠎ᠠ ᠡᠵᠡᠮᠳ᠋ᠡᠨ᠂ ᠬᠠᠤᠯᠢᠵᠢᠯ ᠤᠨ ᠤᠬᠠᠮᠰᠠᠷ ᠶᠢᠡᠨ ᠴᠢᠩᠭ᠋ᠠᠳᠬᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠷᠢᠮᠲᠠᠯᠠᠵᠤ᠂ ᠰᠢᠨ᠎ᠠ ᠶᠢ ᠡᠭᠦᠳᠬᠦ ᠠᠷᠭ᠎ᠠ ᠬᠡᠮᠵᠢᠶ᠎ᠠ ᠶᠢ ᠢᠯᠡᠭᠦᠬᠡᠨ ᠰᠦ᠋ᠪᠡᠭ᠍ᠴᠢᠯᠡᠵᠦ᠂ ᠰᠣᠳ᠋ᠣ ᠮᠡᠷᠭᠡᠨ ᠦᠭᠡ ᠶᠠᠷᠢᠶ᠎ᠠ ᠶᠢ ᠢᠯᠡᠭᠦᠬᠡᠨ ᠪᠠᠢ᠌ᠭᠤᠯᠵᠤ᠂ ᠪᠣᠳ᠋ᠠᠲᠠᠢ ᠶᠢ ᠡᠷᠬᠢᠮᠯᠡᠬᠦ ᠠᠷᠭ᠎ᠠ ᠪᠣᠳ᠋ᠣᠯᠭ᠎ᠠ ᠶᠢ ᠢᠯᠡᠭᠦᠬᠡᠨ ᠭᠠᠷᠭᠠᠵᠤ᠂ ᠪᠥᠬᠥ ᠬᠣᠰᠢᠭᠤᠨ ᠤ ᠴᠢᠨᠠᠷ ᠰᠠᠢ᠌ᠲᠠᠢ ᠲᠠᠪᠠᠯᠳ᠋ᠠᠳ᠋ᠤ ᠬᠥᠭ᠍ᠵᠢᠯᠲᠡ ᠶᠢ ᠲᠦ᠋ᠯᠬᠢᠨ ᠠᠬᠢᠭᠤᠯᠬᠤ ᠶᠢ ᠬᠦᠰᠡᠵᠦ ᠪᠠᠢ᠌ᠨ᠎ᠠ ᠭᠡᠵᠡᠢ᠃
ᠱᠤᠤ ᠶᠠᠨ ᠵᠢᠶᠦ᠋ᠨ ᠬᠠᠮᠤᠭ ᠰᠡᠭᠦᠯ ᠳ᠋ᠦ᠂ ᠰᠢᠨ᠎ᠠ ᠴᠠᠭ ᠦᠶ᠎ᠠ ᠳ᠋ᠦ ᠰᠢᠨ᠎ᠠ ᠬᠠᠷᠢᠭᠤᠴᠠᠯᠭ᠎ᠠ ᠡᠭᠦᠷᠭᠡᠯᠡᠨ᠂ ᠰᠢᠨ᠎ᠠ ᠠᠶᠠᠨ ᠵᠠᠮ ᠳᠤ ᠰᠢᠨ᠎ᠠ ᠵᠢᠳᠬᠦᠯ ᠴᠢᠷᠮᠠᠢ᠌ᠯᠭ᠎ᠠ ᠭᠠᠷᠭᠠᠶ᠎ᠠ︕ ᠪᠢᠳ᠋ᠠ ᠰᠢ ᠶᠢᠨ ᠫᠢᠩ ᠨᠥᠬᠥᠷ ᠶᠢᠡᠷ ᠭᠣᠣᠯ ᠪᠣᠯᠭᠠᠭᠰᠠᠨ ᠨᠠᠮ ᠤᠨ ᠲᠥᠪ ᠬᠣᠷᠢᠶᠠᠨ ᠤ ᠲᠣᠭᠣᠷᠢᠨ ᠳᠤ ᠨᠡᠩ ᠨᠢᠭᠲᠠᠷᠠᠨ ᠪᠦᠯᠬᠦᠮᠳ᠋ᠡᠵᠦ᠂ ᠰᠢᠨ᠎ᠠ ᠴᠠᠭ ᠦᠶ᠎ᠠ ᠶᠢᠨ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠡᠷᠡᠰ ᠪᠠᠲᠤ ᠤᠬᠠᠮᠰᠠᠷ ᠡᠴᠡ ᠪᠠᠨ ᠡᠭᠦᠷᠭᠡᠯᠡᠵᠦ᠂ ᠨᠠᠢ᠌ᠳ᠋ᠠᠪᠤᠷᠢᠵᠢᠭᠤᠯᠤᠯᠲᠠ ᠶᠢ ᠪᠦᠲᠦᠭᠡᠯᠴᠢ ᠪᠡᠷ ᠰᠠᠢ᠌ᠲᠤᠷ ᠠᠳᠬᠤᠵᠤ᠂ ᠴᠢᠭᠯᠡᠯ ᠬᠡᠯᠪᠡᠢ᠌ᠬᠦ ᠦᠭᠡᠶ᠂ ᠬᠠᠷᠠᠯᠲᠠ ᠶᠢ ᠬᠤᠪᠢᠷᠠᠭᠤᠯᠬᠤ ᠦᠭᠡᠶ᠂ ᠡᠷᠴᠢᠮ ᠢ ᠰᠤᠯᠠᠷᠠᠭᠤᠯᠬᠤ ᠦᠭᠡᠶ ᠪᠠᠢ᠌ᠬᠤ ᠶᠢ ᠪᠠᠷᠢᠮᠲᠠᠯᠠᠵᠤ᠂ ᠡᠷᠴᠢ ᠵᠣᠷᠢᠭ ᠶᠢᠡᠨ ᠬᠥᠪᠴᠢᠯᠡᠵᠦ᠂ ᠦᠨᠡᠨ ᠪᠣᠳ᠋ᠠᠲᠠᠢ ᠠᠵᠢᠯᠯᠠᠵᠤ᠂ ᠵᠠᠷᠤᠳ ᠬᠣᠰᠢᠭᠤᠨ ᠤ ᠠᠵᠤ ᠠᠬᠤᠢ ᠶᠢᠨ ᠴᠢᠨᠠᠷ ᠰᠠᠢ᠌ᠲᠠᠢ ᠬᠥᠭ᠍ᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠢ᠌ᠨ ᠲᠡᠮᠡᠴᠡᠵᠡᠭᠡᠶ᠎ᠠ ᠭᠡᠵᠡᠢ︕
ᠶᠡᠬᠡ ᠬᠤᠷᠠᠯ ᠰᠦ᠋ᠷ ᠵᠢᠪᠬᠤᠯᠠᠩᠲᠤ ᠤᠯᠤᠰ ᠤᠨ ᠰᠦ᠋ᠯᠳ᠋ᠡ ᠳᠠᠭᠤᠤ ᠶᠢᠨ ᠳᠤᠮᠳ᠋ᠠ ᠢᠯᠠᠯᠲᠠ ᠲᠠᠶ ᠦᠨᠳ᠋ᠦᠷᠯᠡᠪᠡ᠃ (ᠨᠠᠢ᠌ᠷᠠᠭᠤᠯᠤᠭᠴᠢ᠄ ᠯᠸᠢ ᠫᠠᠩ)