ᠤᠳᠤ ᠶᠢᠨ ᠪᠠᠢ᠌ᠷᠢ᠄ ᠴᠢᠬᠤᠯᠠ ᠮᠡᠳᠡᠭᠡ → ᠴᠡᠷᠢᠭ᠌ ᠡᠴᠡ ᠬᠠᠯᠠᠭᠲᠠᠭᠰᠠᠨ ᠠᠷᠠᠳ ᠤᠨ᠁
ᠴᠡᠷᠢᠭ᠌ ᠡᠴᠡ ᠬᠠᠯᠠᠭᠲᠠᠭᠰᠠᠨ ᠠᠷᠠᠳ ᠤᠨ ᠲᠦ᠋ᠯᠦᠭᠡᠯᠡᠭ᠍ᠴᠢᠳ ᠢ ᠲᠤᠬᠤᠨᠢᠭᠤᠯᠤᠨ ᠦᠨᠡᠨ ᠰᠡᠳᠬᠢᠯ ᠡᠴᠡ ᠪᠡᠨ ᠬᠠᠢ᠌ᠷᠠᠯᠠᠨ ᠬᠠᠯᠠᠮᠵᠢᠯᠠᠵᠤ ᠬᠦᠮᠦᠰ ᠦᠨ ᠰᠡᠳᠬᠢᠯ ᠢ ᠲᠤᠯᠠᠭᠠᠴᠠᠭᠤᠯᠪᠠ

       
        1 ᠰᠠᠷ᠎ᠠ ᠶᠢᠨ 10 ᠦ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠴᠡᠷᠢᠭ᠌ ᠡᠴᠡ ᠬᠠᠯᠠᠭᠲᠠᠭᠰᠠᠳ ᠤᠨ ᠶᠠᠪᠤᠳ᠋ᠠᠯ ᠤᠨ ᠲᠤᠪᠴᠢᠶ᠎ᠠ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠬᠦᠷᠴᠦ᠂ ᠲᠦ᠋ᠷᠭᠡᠨᠪᠠᠶᠠᠷ᠂ ᠳ᠋ᠸᠦ ᠰᠢᠶᠤᠤ ᠵᠢᠶᠡ᠂ ᠹᠦ᠋ ᠭᠤᠸᠠᠩ ᠼᠠᠢ᠂ ᠱᠤᠸᠠᠩᠰᠢ᠂ ᠸᠠᠩ ᠰᠢᠶᠤᠤ ᠴᠸᠨ ᠵᠡᠷᠭᠡ 9 ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠴᠡᠷᠢᠭ᠌ ᠡᠴᠡ ᠬᠠᠯᠠᠭᠲᠠᠭᠰᠠᠨ ᠠᠷᠠᠳ ᠤᠨ ᠲᠦ᠋ᠯᠦᠭᠡᠯᠡᠭ᠍ᠴᠢᠳ ᠲᠤ ᠲᠤᠬᠤᠨᠢᠭᠤᠯᠭ᠎ᠠ ᠶᠢᠨ ᠮᠦ᠋ᠩᠭᠦ ᠪᠠ ᠪᠡᠯᠡᠭ᠌ ᠬᠦᠷᠭᠡᠵᠦ᠂ ᠲᠡᠳ᠋ᠡᠨ ᠳ᠋ᠦ ᠨᠠᠮ ᠪᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ᠂ ᠵᠠᠰᠠᠭ ᠤᠨ ᠣᠷᠳ᠋ᠤᠨ ᠤ ᠬᠠᠢ᠌ᠷ᠎ᠠ ᠬᠠᠯᠠᠮᠵᠢᠯᠡᠯ ᠪᠠ ᠪᠠᠶᠠᠷ ᠤᠨ ᠡᠳ᠋ᠦᠷ ᠦᠨ ᠰᠠᠢ᠌ᠨ ᠰᠠᠢ᠌ᠬᠠᠨ ᠵᠦ᠋ᠩᠨᠡᠯ ᠲᠡᠪᠰᠢᠭᠦᠯᠪᠡ᠃

        


       
        ᠲᠤᠰ ᠤᠳ᠋ᠠᠭᠠᠨ ᠤ ᠲᠤᠬᠤᠨᠢᠭᠤᠯᠭ᠎ᠠ ᠪᠠᠷ ᠲᠠᠮᠵᠢᠨ᠂ ᠴᠡᠷᠢᠭ᠌ ᠡᠴᠡ ᠬᠠᠯᠠᠭᠲᠠᠭᠰᠠᠳ ᠦᠨ ᠢᠷᠠᠭᠤ ᠠᠯᠳ᠋ᠠᠷᠳ᠋ᠤ ᠰᠡᠳᠭᠢᠯᠭᠡ ᠪᠠ ᠤᠮᠤᠭ ᠪᠠᠬᠠᠳ᠋ᠤᠯᠳ᠋ᠤ ᠰᠡᠳᠭᠢᠯᠭᠡ ᠶᠢ ᠲᠡᠭᠡᠭ᠍ᠰᠢᠯᠡᠭᠦᠯᠦᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠴᠡᠷᠢᠭ᠌ ᠡᠴᠡ ᠬᠠᠯᠠᠭᠲᠠᠭᠰᠠᠨ 9 ᠠᠷᠠᠳ ᠤᠨ ᠲᠦ᠋ᠯᠦᠭᠡᠯᠡᠭ᠍ᠴᠢ᠂ ᠨᠠᠮ ᠪᠠ ᠵᠠᠰᠠᠭ ᠤᠨ ᠣᠷᠳ᠋ᠤᠨ ᠤ ᠲᠡᠳ᠋ᠡᠨ ᠳ᠋ᠦ ᠦᠭ‍ᠬᠦᠭ᠍ᠰᠡᠨ ᠬᠠᠯᠠᠮᠵᠢᠯᠠᠯ ᠳᠤ ᠴᠢᠩ ᠰᠡᠳᠭᠢᠯ ᠡᠴᠡ ᠪᠡᠨ ᠲᠠᠯᠠᠷᠬᠠᠵᠤ᠂ ᠬᠤᠢ᠌ᠰᠢᠳ᠋ᠠ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯ ᠤᠨ ᠲᠤᠮᠲᠠ᠂ ᠴᠡᠷᠢᠭ᠌ ᠬᠦᠮᠦᠨ ᠦ ᠢᠷᠠᠭᠤ ᠠᠯᠳ᠋ᠠᠷᠳ᠋ᠤ ᠤᠯᠠᠮᠵᠢᠯᠠᠯ ᠢ ᠦᠷᠭᠦᠯᠵᠢᠯᠡᠨ ᠪᠠᠳ᠋ᠠᠷᠠᠭᠤᠯᠵᠤ᠂ ᠴᠡᠷᠢᠭ᠌ ᠬᠦᠮᠦᠨ ᠦ ᠤᠭ ᠴᠢᠨᠠᠷ ᠶᠢᠡᠨ ᠦᠷᠭᠦᠯᠵᠢᠯᠡᠨ ᠬᠠᠳ᠋ᠠᠭᠠᠯᠠᠵᠤ᠂ ᠵᠠᠷᠤᠳ ᠤᠨ ᠠᠵᠤ ᠠᠬᠤᠢ ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠵᠡᠷᠭᠡ ᠲᠠᠯ᠎ᠠ ᠪᠠᠷ ᠤᠯᠠᠨ ᠰᠠᠨᠠᠯ ᠰᠠᠨᠠᠭᠤᠯᠭ᠎ᠠ ᠲᠡᠪᠰᠢᠭᠦᠯᠦᠨ᠎ᠠ ᠭᠡᠵᠦ ᠢᠯᠡᠳᠭᠡᠵᠡᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠰᠢᠨ᠎ᠠ ᠠᠶᠠᠨ ᠳᠠᠭᠠᠨ ᠡᠷᠡᠮᠡᠭᠡᠢ᠌ᠯᠡᠨ ᠤᠷᠤᠭᠰᠢᠯᠠᠵᠤ ᠵᠠᠷᠤᠳ ᠤᠨ ᠴᠢᠨᠠᠷ ᠰᠠᠢ᠌ᠲᠠᠢ ᠬᠦᠭ᠍ᠵᠢᠯᠳ᠋ᠡ ᠶᠢᠨ ᠰᠢᠨ᠎ᠠ ᠬᠠᠭᠤᠳ᠋ᠠᠰᠤ ᠶᠢ ᠴᠢᠷᠮᠠᠢ᠌ᠨ ᠪᠢᠴᠢᠭᠯᠡᠶ᠎ᠠ
ᠳᠠᠷᠠᠭᠠᠬᠢ᠄ ᠸᠠᠩ ᠬᠤᠩ ᠬᠤᠸᠨ ᠵᠠᠷᠤᠳ ᠬᠤᠰᠢᠭᠤᠨ ᠳᠤ ᠬᠦᠷᠴᠦ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ