ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ᠁
ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠴᠠᠭᠠᠨ ᠰᠠᠷ᠎ᠠ ᠡᠴᠡ ᠡᠮᠦᠨᠡᠬᠢ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ

     ᠴᠠᠭᠠᠨ ᠰᠠᠷ᠎ᠠ ᠤᠳ᠋ᠠᠯ ᠦᠭᠡᠶ ᠬᠦᠷᠴᠦ ᠢᠷᠡᠬᠦ ᠲᠠᠰᠢᠷᠠᠮ ᠳᠤ᠂ 1 ᠰᠠᠷ᠎ᠠ ᠶᠢᠨ 16 ᠤᠨ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ᠂ ᠣᠨᠴᠠ ᠬᠦᠴᠢᠷᠳ᠋ᠡᠯᠳ᠋ᠠᠢ ᠬᠦᠮᠦᠰ᠂ ᠭᠠᠮᠰᠢᠭᠳ᠋ᠠᠭᠰᠠᠨ ᠡᠷᠦᠭᠡ᠂ ᠬᠦᠳ᠋ᠡᠭᠡ ᠲᠤᠰᠬᠤᠨ ᠤ ᠨᠠᠭᠠᠲᠤ ᠵᠠᠬ᠎ᠠ ᠶᠢᠨ ᠠᠮᠢᠳ᠋ᠤᠷᠠᠯ ᠤᠨ ᠪᠠᠳ᠋ᠤᠯᠠᠭ᠎ᠠ ᠬᠦᠷᠳ᠋ᠡᠵᠦ ᠪᠠᠢ᠌ᠭ᠎ᠠ ᠡᠷᠦᠭᠡ᠂ ᠴᠡᠷᠢᠭ᠌ ᠡᠴᠡ ᠬᠠᠯᠠᠭᠲᠠᠭᠰᠠᠳ ᠢ ᠲᠤᠬᠤᠨᠢᠭᠤᠯᠵᠤ᠂ ᠲᠡᠳ᠋ᠡᠨ ᠳ᠋ᠦ ᠨᠠᠮ ᠪᠠ ᠵᠠᠰᠠᠭ ᠤᠨ ᠣᠷᠳ᠋ᠤᠨ ᠤ ᠬᠠᠢ᠌ᠷ᠎ᠠ ᠬᠠᠯᠠᠮᠵᠢ ᠶᠢ ᠬᠦᠷᠭᠡᠭ᠍ᠰᠡᠨ ᠪᠠ ᠪᠠᠶᠠᠷ ᠤᠨ ᠡᠳ᠋ᠦᠷ ᠦᠨ ᠴᠢᠩ ᠰᠡᠳᠭᠢᠯ ᠦᠨ ᠮᠡᠨᠳ᠋ᠦᠴᠢᠯᠡᠯ ᠲᠡᠪᠰᠢᠭᠦᠯᠪᠡ᠃

       
        ᠡᠦ ᠴᠢᠩ ᠬᠠᠢ ᠲᠡᠳ᠋ᠡᠨ ᠦ ᠪᠡᠶ᠎ᠠ ᠮᠠᠬᠠᠪᠤᠳ ᠤᠨ ᠪᠠᠢ᠌ᠳ᠋ᠠᠯ᠂ ᠭᠡᠷ ᠪᠦᠯᠢ ᠶᠢᠨ ᠤᠷᠤᠯᠭ᠎ᠠ ᠵᠡᠷᠭᠡ ᠪᠠᠢ᠌ᠳ᠋ᠠᠯ ᠢ ᠤᠨᠴᠠᠭᠠᠢ ᠬᠠᠯᠠᠮᠵᠢᠯᠠᠨ᠂ ᠲᠡᠳ᠋ᠡᠨ ᠢ ᠢᠲᠡᠭᠡᠯ ᠵᠣᠷᠢᠭ ᠶᠢᠡᠨ ᠪᠠᠳ᠋ᠤᠳᠬᠠᠵᠤ᠂ ᠴᠤᠭ ᠰᠦ᠋ᠯᠳ᠋ᠡ ᠪᠡᠨ ᠪᠠᠳ᠋ᠠᠷᠠᠭᠤᠯᠤᠨ᠂ ᠠᠮᠢᠳ᠋ᠤᠷᠠᠯ ᠳᠤ ᠢᠳ᠋ᠡᠪᠬᠢᠳ᠋ᠠᠢ ᠬᠠᠨᠳ᠋ᠤᠵᠤ᠂ ᠠᠮᠢᠳ᠋ᠤᠷᠠᠯ ᠶᠢᠡᠨ ᠵᠢᠯ ᠡᠴᠡ ᠵᠢᠯ ᠰᠠᠢ᠌ᠵᠢᠷᠠᠭᠤᠯᠬᠤ ᠬᠡᠷᠡᠭ᠍ᠲᠡᠢ ᠭᠡᠵᠦ ᠵᠤᠷᠢᠭᠵᠢᠭᠤᠯᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠸᠠᠩ ᠬᠤᠩ ᠬᠤᠸᠨ ᠵᠠᠷᠤᠳ ᠬᠤᠰᠢᠭᠤᠨ ᠳᠤ ᠬᠦᠷᠴᠦ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠡᠦ ᠴᠢᠩ ᠬᠠᠢ ᠮᠠᠨ ᠤ ᠬᠤᠰᠢᠭᠤᠨ ᠤ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ ᠢ ᠪᠤᠯᠭᠤᠭᠠᠨ ᠲᠤᠬᠤᠨᠢᠭᠤᠯᠪᠠ