ᠤᠳᠤ ᠶᠢᠨ ᠪᠠᠢ᠌ᠷᠢ᠄ ᠴᠢᠬᠤᠯᠠ ᠮᠡᠳᠡᠭᠡ → ᠡᠦ ᠴᠢᠩ ᠬᠠᠢ ᠮᠠᠨ ᠤ ᠬᠤᠰᠢᠭᠤᠨ ᠤ ᠠᠵᠢᠯ ᠡᠴᠡ ᠪᠠᠨ᠁
ᠡᠦ ᠴᠢᠩ ᠬᠠᠢ ᠮᠠᠨ ᠤ ᠬᠤᠰᠢᠭᠤᠨ ᠤ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ ᠢ ᠪᠤᠯᠭᠤᠭᠠᠨ ᠲᠤᠬᠤᠨᠢᠭᠤᠯᠪᠠ

          

          1ᠰᠠᠷ᠎ᠠ ᠶᠢᠨ 17 ᠊ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠮᠠᠨ ᠤ ᠬᠤᠰᠢᠭᠤᠨ ᠤ ᠠᠵᠢᠯ ᠡᠴᠡ ᠪᠠᠨ ᠠᠮᠠᠷᠠᠭᠰᠠᠨ ᠠᠬᠠᠮᠠᠳ ᠺᠠᠳ᠋ᠷ ᠵᠦ᠋ᠩ ᠹᠦ ᠶᠢ ᠪᠣᠯᠭᠤᠭᠠᠨ ᠲᠤᠬᠤᠨᠢᠭᠤᠯᠵᠤ᠂ ᠲᠡᠭᠦᠨ ᠳ᠋ᠦ ᠲᠤᠳ᠋ᠤᠨᠤ ᠬᠠᠯᠠᠮᠵᠢᠯᠠᠯ ᠪᠠ ᠪᠠᠶᠠᠷ ᠤᠨ ᠡᠳ᠋ᠦᠷ ᠦᠨ ᠵᠦ᠋ᠩᠨᠡᠯ ᠲᠡᠪᠰᠢᠭᠦᠯᠪᠡ᠃ ᠡᠦ ᠴᠢᠩ ᠬᠠᠢ ᠨᠠᠰᠤᠳ᠋ᠠᠨ ᠲᠡᠶ ᠵᠤᠭᠤᠭᠳ᠋ᠠᠨ᠂ ᠬᠦᠭ᠍ᠵᠢᠯᠳ᠋ᠡ ᠶᠢ ᠶᠡᠷᠢᠯᠴᠡᠵᠦ᠂ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠪᠠ ᠠᠮᠢᠳ᠋ᠤᠷᠠᠯ ᠤᠨ ᠪᠠᠢ᠌ᠳ᠋ᠠᠯ ᠢ ᠨᠢ ᠬᠠᠯᠠᠮᠵᠢᠯᠡᠨ ᠠᠰᠠᠭᠤᠵᠤ᠂ ᠠᠬᠠᠮᠠᠳ ᠺᠠᠳ᠋ᠷᠴᠤᠳ ᠤᠨ ᠮᠠᠨ ᠤ ᠬᠣᠰᠢᠭᠤᠨ ᠤ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠲᠤᠬᠠᠢ ᠰᠠᠨᠠᠯ ᠰᠠᠨᠠᠭᠤᠯᠭ᠎ᠠ ᠶᠢ ᠲᠠᠷᠤᠣ ᠬᠢᠴᠢᠶᠡᠩᠭᠦᠢ ᠰᠤᠨᠤᠰᠤᠪᠠ᠃ᠡᠦ ᠴᠢᠩ ᠬᠠᠢ ᠡᠴᠡ᠂ ᠠᠬᠠᠮᠠᠳ ᠨᠦ᠋ᠬᠦᠳ ᠡᠯᠪᠡᠭ᠌ ᠪᠠᠶᠠᠯᠢᠭ ᠤᠯᠤᠰ ᠲᠥᠷᠦ ᠶᠢᠨ ᠤᠬᠠᠭᠠᠨ᠂ ᠠᠵᠢᠯ ᠤᠨ ᠲᠤᠷᠰᠢᠯᠭ᠎ᠠ᠂ ᠠᠮᠢᠳ᠋ᠤᠷᠠᠯ ᠤᠨ ᠦᠩᠭᠡᠷᠡᠯᠳ᠋ᠡ ᠲᠡᠶ ᠪᠠᠢ᠌ᠵᠤ᠂ ᠵᠠᠷᠤᠳ ᠬᠤᠰᠢᠭᠤᠨ ᠤ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠵᠠᠮ ᠨᠡᠭᠡᠭᠡᠭ᠍ᠴᠢ ᠮᠦ᠋ᠨ᠂ ᠠᠬᠠᠮᠠᠳ ᠺᠠᠳ᠋ᠷᠴᠤᠳ ᠤᠨ ᠰᠢᠷᠭᠠᠭᠤ ᠬᠠᠳ᠋ᠠᠭᠤᠵᠢᠯᠲᠠᠢ ᠴᠢᠷᠮᠠᠢ᠌ᠯᠭ᠎ᠠ ᠳᠤ ᠪᠠᠲᠤ ᠪᠡᠬᠢ ᠰᠠᠭᠤᠷᠢ ᠲᠠᠯᠪᠢᠬᠰᠠᠨ ᠦᠭᠡᠶ ᠪᠣᠯ ᠦᠨᠦᠳ᠋ᠦᠷ ᠦᠨ ᠵᠠᠷᠤᠳ ᠬᠣᠰᠢᠭᠤᠨ ᠤ ᠤᠯᠤᠭᠰᠠᠨ ᠠᠮᠵᠢᠯᠳ᠋ᠡ ᠪᠦᠳ᠋ᠦᠮᠵᠢ ᠪᠠᠢ᠌ᠵᠤ ᠴᠢᠳ᠋ᠠᠬᠤ ᠦᠭᠡᠶ ᠶᠤᠮ᠂ ᠠᠬᠠᠮᠠᠳ ᠨᠦ᠋ᠭᠦᠳ ᠪᠡᠶ᠎ᠠ ᠪᠡᠨ ᠬᠢᠴᠢᠶᠡᠵᠦ᠂ ᠦᠷᠭᠦᠯᠵᠢᠯᠡᠨ ᠦᠯᠡᠳ᠋ᠡᠪᠦᠷᠢ ᠢᠯᠴᠢ ᠪᠡᠨ ᠪᠠᠳ᠋ᠠᠷᠠᠭᠤᠯᠤᠨ᠂ ᠦᠩᠭᠡᠷᠡᠭ᠍ᠰᠡᠨ ᠲᠡᠶ ᠪᠠᠨ ᠠᠳ᠋ᠠᠯᠢ ᠪᠠᠷ ᠪᠦᠬᠦ ᠬᠣᠰᠢᠭᠤᠨ ᠤ ᠡᠯ᠎ᠠ ᠲᠥᠷᠦᠯ ᠦᠨ ᠠᠵᠢᠯ ᠦᠢᠯᠡᠰ ᠦᠨ ᠬᠦᠭ᠍ᠵᠢᠯᠳ᠋ᠡ ᠶᠢ ᠬᠠᠯᠠᠮᠵᠢᠯᠡᠨ ᠲᠡᠮᠵᠢᠬᠦ ᠶᠢ ᠬᠦᠰᠡᠵᠦ ᠪᠠᠢ᠌ᠨ᠎ᠠ ᠭᠡᠪᠡ᠃ (ᠨᠠᠢ᠌ᠷᠠᠭᠤᠯᠤᠭᠴᠢ ᠯᠸᠢ ᠫᠠᠩ)

ᠡᠮᠦᠨᠡᠬᠢ᠄ ᠡᠦ ᠴᠢᠩ ᠬᠠᠢ ᠪᠠᠶᠠᠷᠳ᠋ᠤᠬᠤᠰᠢᠭᠤ ᠪᠠᠯᠭᠠᠰᠤᠨ ᠳᠤ ᠬᠦᠷᠴᠦ ᠴᠠᠭᠠᠨ ᠰᠠᠷ᠎ᠠ ᠡᠴᠡ ᠡᠮᠦᠨᠡᠬᠢ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳ᠋ᠤᠯᠭ᠎ᠠ ᠪᠤᠯᠭᠤᠭᠠᠨ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ