ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠣᠣᠯ ᠲᠤᠭᠤᠢ᠌ᠯᠠᠩ ᠤᠨ 2023 ᠣᠨ ᠤ ᠠᠩᠬᠠᠳ᠋ᠤᠭᠠᠷ ᠣᠳ᠋ᠠᠭᠠᠨ ᠤ (ᠦᠷᠭᠡᠳᠭᠡᠭ᠍ᠰᠡᠨ) ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ

       


       
      1ᠰᠠᠷ᠎ᠠ ᠶᠢᠨ 30 ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠣᠣᠯ ᠲᠤᠭᠤᠢ᠌ᠯᠠᠩ ᠤᠨ 2023 ᠣᠨ ᠤ ᠠᠩᠬᠠᠳ᠋ᠤᠭᠠᠷ ᠣᠳ᠋ᠠᠭᠠᠨ ᠤ (ᠦᠷᠭᠡᠳᠭᠡᠭ᠍ᠰᠡᠨ) ᠰᠤᠷᠤᠯᠴᠠᠯᠭ᠎ᠠ ᠶᠢᠨ ᠬᠤᠷᠠᠯ  ᠬᠤᠷᠠᠯᠳᠤᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ ᠯᠢ ᠴᠸᠩ ᠭᠦᠸᠸ ᠬᠤᠷᠠᠯ ᠳᠤ ᠰᠠᠭᠠᠲᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠵᠤ᠂ ᠬᠤᠷᠠᠯ ᠢ ᠡᠦ ᠴᠢᠩ ᠬᠠᠢ ᠡᠷᠬᠢᠯᠡᠪᠡ᠃

        
        ᠬᠤᠷᠠᠯ ᠲᠡᠭᠡᠷ᠎ᠠ᠂ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠭᠤᠷᠪᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠵᠢᠯ ᠤᠨ ᠮᠡᠳ᠋ᠡᠭᠦᠯᠦᠯᠳ᠋ᠡ᠂ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠠᠷᠪᠠᠨ ᠨᠢᠭᠡᠳ᠋ᠦᠭᠡᠷ ᠬᠤᠭᠤᠴᠠᠭᠠᠨ ᠤ ᠬᠤᠷᠢᠶᠠᠨ ᠤ ᠲᠠᠪᠤᠳ᠋ᠤᠭᠠᠷ ᠪᠦᠭᠦᠳ᠋ᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳ᠋ᠤᠭᠠᠷ ᠬᠤᠭᠤᠴᠠᠭᠠᠨ ᠤ ᠬᠤᠷᠢᠶᠠᠨ ᠤ ᠲᠠᠪᠤᠳ᠋ᠤᠭᠠᠷ ᠪᠦᠭᠦᠳ᠋ᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠵᠠᠷᠤᠳ ᠬᠤᠰᠢᠭᠤᠨ ᠤ ᠰᠠᠯᠠᠭᠠᠨ ᠲᠡᠰ ᠡᠴᠡ ᠲᠡᠭᠡᠭ᠍ᠰᠢᠬᠢ ᠤᠳ᠋ᠤᠷᠢᠳ᠋ᠤᠯᠭ᠎ᠠ ᠺᠠᠳ᠋ᠷᠴᠤᠳ ᠤᠨ ᠰᠡᠷᠡᠮᠵᠢᠭᠦᠯᠦᠯ ᠬᠦᠮᠦᠵᠢᠯ ᠦᠨ ᠬᠤᠷᠠᠯ ᠦᠨ ᠶᠠᠷᠢᠶᠠᠨ ᠤ ᠵᠣᠷᠢᠭ ᠰᠠᠨᠠᠭ᠎ᠠ᠂ ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠣᠷᠤᠨ ᠤ ᠠᠷᠪᠠᠨ ᠨᠢᠭᠡᠳ᠋ᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶ᠎ᠠ ᠶᠢᠨ ᠭᠤᠷᠪᠠᠳ᠋ᠤᠭᠠᠷ ᠪᠦᠭᠦᠳ᠋ᠡ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠪᠠ᠃

        
        ᠬᠤᠷᠠᠯ ᠡᠴᠡ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠤᠬᠠᠮᠰᠡᠷ ᠡᠴᠡ ᠪᠠᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠢᠭᠡᠳᠭᠡᠨ᠂ ᠨᠠᠮ ᠤᠨ ᠬᠤᠷᠢᠳ᠋ᠤᠭᠠᠷ ᠶᠡᠬᠡ ᠬᠤᠷᠠᠯ ᠡᠴᠡ ᠲᠤᠷᠠᠳ᠋ᠤᠭᠰᠠᠨ ᠬᠠᠷᠠᠯᠲᠠ ᠡᠭᠦᠷᠭᠡ ᠶᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠡᠯ᠎ᠠ ᠲᠠᠯ᠎ᠠ ᠪᠦᠬᠦ ᠶᠠᠪᠤᠴᠠ ᠳᠤ ᠡᠷᠡᠰ ᠭᠤᠢ᠌ᠪᠢᠰᠢ ᠦᠭᠡᠶ ᠨᠠᠢ᠌ᠳ᠋ᠠᠪᠤᠷᠢᠵᠢᠭᠤᠯᠬᠤ ᠬᠡᠷᠡᠭ᠍ᠲᠡᠢ ︔ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠵᠥᠪ ᠤᠯᠤᠰ ᠲᠥᠷᠥ ᠶᠢᠨ ᠴᠢᠭᠯᠡᠯ ᠢ ᠪᠠᠲᠤ ᠡᠵᠡᠮᠳ᠋ᠡᠨ᠂ ᠰᠤᠷᠳ᠋ᠠᠯ ᠴᠢᠭᠡᠴᠢ ᠣᠪᠤᠷ ᠲᠥᠪ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠤᠷᠴᠢᠨ ᠲᠤᠭᠤᠷᠢᠨ ᠢ ᠴᠢᠷᠮᠠᠢ᠌ᠨ ᠪᠣᠢ ᠪᠣᠯᠭᠠᠬᠣ ᠬᠡᠷᠡᠭ᠍ᠲᠡᠢ ︔ ᠠᠷᠠᠳ ᠤᠯᠠᠨ ᠤ ᠬᠦᠰᠡᠯ ᠡᠷᠡᠮᠡᠯᠵᠡᠯ ᠳ᠋ᠦ ᠬᠦᠴᠦ ᠪᠡᠨ ᠲᠦ᠋ᠪᠯᠡᠷᠡᠭᠦᠯᠦᠨ᠂ ᠠᠵᠢᠯ ᠤᠨ ᠭᠠᠷᠳ᠋ᠠᠬᠤ ᠴᠡᠭ᠌ ᠬᠦᠴᠦᠯᠡᠬᠦ ᠴᠡᠭ᠌  ᠢᠶᠡᠨ ᠤᠨᠤᠪᠴᠢᠳ᠋ᠠᠢ ᠣᠯᠵᠤ᠂ ᠦᠷᠭᠦᠯᠵᠢᠯᠡᠨ ᠰᠢᠨ᠎ᠠ ᠶᠢ ᠡᠭᠦᠳ᠋ᠦᠨ᠂ ᠤᠨᠢᠨ ᠲᠡᠭᠡᠷ᠎ᠠ ᠨᠢ ᠬᠦᠴᠦᠯᠡᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠦᠢᠯᠡᠳ᠋ᠦᠯ ᠢ ᠨᠡᠩ ᠰᠠᠢ᠌ᠳ᠋ᠤᠷ ᠪᠠᠳ᠋ᠠᠷᠠᠭᠤᠯᠤᠨ᠂ ᠠᠷᠠᠳ ᠤᠯᠠᠨ ᠲᠡᠶ ᠬᠠᠷᠢᠴᠠᠭ᠎ᠠ ᠪᠠᠨ ᠨᠡᠩ ᠨᠢᠭᠲᠠᠷᠠᠭᠤᠯᠵᠤ᠂ ᠠᠷᠠᠳ ᠤᠨ ᠪᠠᠢ᠌ᠳ᠋ᠠᠯ ᠠᠷᠠᠳ ᠤᠨ ᠰᠠᠨᠠᠭ᠎ᠠ ᠠᠷᠠᠳ ᠤᠨ ᠤᠶᠤᠨ ᠤᠬᠠᠭᠠᠨ ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠤᠨ᠂ ᠪᠦᠬᠦ ᠬᠣᠰᠢᠭᠤᠨ ᠤ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠶᠢᠨ ᠢᠳ᠋ᠡᠪᠬᠢ ᠬᠦᠴᠦᠨ ᠢ ᠦᠷᠭᠡᠨ ᠶᠢᠡᠷ ᠨᠢᠭᠲᠠᠷᠠᠭᠤᠯᠬᠤ ᠬᠡᠷᠡᠭ᠍ᠳ᠋ᠡᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 2023 ᠤᠨ ᠤ ᠰᠢᠨ᠎ᠠ ᠵᠢᠯ ᠦᠨ ᠪᠠᠶᠠᠷ ᠤᠨ ᠦᠭᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠡᠷᠡᠮᠵᠢᠭᠦᠯᠦᠯ ᠬᠦᠮᠦᠵᠢᠯ ᠦᠨ ᠬᠤᠷᠠᠯ ᠬᠤᠷᠠᠯᠳ᠋ᠤᠪᠠ