ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠰᠡᠷᠡᠮᠵᠢᠭᠦᠯᠦᠯ ᠬᠦᠮᠦᠵᠢᠯ ᠦᠨ ᠬᠤᠷᠠᠯ ᠬᠤᠷᠠᠯᠳ᠋ᠤᠪᠠ

       
        1ᠰᠠᠷ᠎ᠠ ᠶᠢᠨ 30 ᠤ ᠡᠳ᠋ᠦᠷ ᠦᠨ ᠦᠳ᠋ᠡ ᠶᠢᠨ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠤᠬᠢᠶᠠᠨ ᠪᠠᠢ᠌ᠭᠤᠯᠵᠤ ᠰᠡᠷᠡᠮᠵᠢᠭᠦᠯᠦᠯ ᠬᠦᠮᠦᠵᠢᠯ ᠦᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠵᠢᠴᠢ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ ᠯᠢ ᠴᠸᠩ ᠭᠦᠸᠸ᠂ ᠬᠤᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠣᠷᠢᠶ᠎ᠠ ᠡᠴᠡ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠲᠤᠮᠢᠯᠠᠭᠰᠠᠨ ᠰᠠᠬᠢᠯᠭ᠎ᠠ ᠪᠠᠲᠤ ᠪᠠᠢ᠌ᠴᠠᠭᠠᠬᠤ ᠲᠤᠭᠤᠢ᠌ᠯᠠᠩ ᠤᠨ ᠲᠠᠷᠤᠭ᠎ᠠ ᠪᠠᠶᠠᠨ ᠬᠤᠷᠠᠯ ᠳᠤ ᠰᠠᠭᠠᠲᠠᠪᠠ᠃ ᠬᠤᠷᠠᠯ ᠢ ᠡᠦ ᠴᠢᠩ ᠬᠠᠢ ᠡᠷᠬᠢᠯᠡᠪᠡ᠃

        
        ᠬᠤᠷᠠᠯ ᠲᠡᠭᠡᠷ᠎ᠠ᠂ ᠯᠢ ᠴᠸᠩ ᠭᠦᠸᠸ ᠡᠴᠡ 《ᠵᠠᠷᠤᠳ ᠬᠤᠰᠢᠭᠤᠨ ᠤ ᠰᠠᠯᠠᠭᠠᠨ ᠲᠡᠰ ᠡᠴᠡ ᠲᠡᠭᠡᠭ᠍ᠰᠢᠬᠢ ᠤᠳ᠋ᠤᠷᠢᠳ᠋ᠤᠯᠭ᠎ᠠ ᠺᠠᠳ᠋ᠷᠴᠤᠳ ᠤᠨ ᠰᠡᠷᠡᠮᠵᠢᠭᠦᠯᠦᠯ ᠬᠦᠮᠦᠵᠢᠯ ᠦᠨ ᠬᠤᠷᠠᠯ ᠦᠨ ᠶᠠᠷᠢᠶᠠᠨ ᠤ ᠵᠣᠷᠢᠭ ᠰᠠᠨᠠᠭ᠎ᠠ》 ᠶᠢ ᠤᠯᠠᠮᠵᠢᠯᠡᠨ ᠰᠤᠷᠤᠯᠴᠠᠪᠠ᠂ ᠪᠠᠶᠠᠨ ᠡᠴᠡ 《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠣᠷᠤᠨ ᠤ ᠠᠷᠪᠠᠨ ᠨᠢᠭᠡᠳ᠋ᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶ᠎ᠠ ᠶᠢᠨ ᠭᠤᠷᠪᠠᠳ᠋ᠤᠭᠠᠷ ᠪᠦᠭᠦᠳ᠋ᠡ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ》 ᠶᠢ ᠤᠯᠠᠮᠵᠢᠯᠡᠨ ᠰᠤᠷᠤᠯᠴᠠᠪᠠ᠃

        

     ᠡᠦ ᠴᠢᠩ ᠬᠠᠢ ᠡᠴᠡ᠂ ᠪᠦᠬᠦ ᠺᠠᠳ᠋ᠷ ᠠᠵᠢᠯᠳ᠋ᠡᠨ ᠣᠳ᠋ᠤ ᠡᠴᠡ ᠡᠬᠢᠯᠡᠨ ᠴᠠᠭᠠᠨ ᠰᠠᠷ᠎ᠠ ᠶᠢᠨ ᠠᠮᠠᠷᠠᠯᠳ᠋ᠠ ᠶᠢᠨ ᠡᠳ᠋ᠦᠷ ᠦᠨ ᠰᠡᠳᠭᠢᠯ ᠰᠠᠨᠠᠭ᠎ᠠ ᠪᠠᠨ ᠬᠤᠷᠢᠶᠠᠵᠦ᠂ ᠦᠵᠡᠯ ᠰᠠᠨᠠᠭ᠎ᠠ ᠪᠠᠨ ᠲᠤᠬᠢᠷᠠᠭᠤᠯᠤᠨ᠂ ᠴᠣᠭ ᠰᠦ᠋ᠯᠳ᠋ᠡ ᠪᠡᠨ ᠪᠠᠳ᠋ᠠᠷᠠᠭᠤᠯᠵᠤ᠂ ᠬᠡᠭᠦᠳ᠋ᠡᠭ᠌ ᠲᠦ᠋ᠭᠦᠷᠡᠩ ᠵᠣᠷᠢᠭ ᠰᠠᠨᠠᠭ᠎ᠠ᠂ ᠪᠤᠳ᠋ᠠᠳ᠋ᠠᠢ ᠠᠵᠢᠯᠯᠠᠬᠤ ᠰᠤᠷᠳ᠋ᠠᠯ ᠶᠢᠡᠷ ᠠᠵᠢᠯ ᠳᠠᠭᠠᠨ ᠢᠳ᠋ᠡᠪᠬᠢᠳ᠋ᠠᠢ ᠤᠷᠤᠯᠴᠠᠨ᠂ ᠰᠢᠨ᠎ᠠ ᠵᠢᠯ ᠦᠨ ᠠᠵᠢᠯ ᠶᠢᠡᠨ ᠰᠠᠢ᠌ᠳ᠋ᠤᠷ ᠡᠬᠢᠯᠡᠭᠦᠯᠬᠦ ᠬᠡᠷᠡᠭ᠍ᠲᠡᠢ᠃ ᠡᠯ᠎ᠠ ᠲᠥᠷᠥᠯ ᠦᠨ ᠲᠥᠷᠢᠮ ᠲᠤᠭᠳ᠋ᠠᠭᠠᠯ ᠤᠨ ᠱᠠᠭᠠᠷᠳ᠋ᠠᠯᠭ᠎ᠠ ᠪᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠬᠣᠷᠢᠭ᠎ᠠ ᠱᠤᠭᠤᠮ ᠤᠨ ᠤᠬᠠᠮᠰᠡᠷ ᠪᠣᠯᠤᠨ ᠰᠠᠬᠢᠯᠭ᠎ᠠ ᠪᠠᠲᠤ ᠶᠢᠨ ᠤᠬᠠᠮᠰᠠᠷ ᠶᠢᠡᠨ ᠲᠠᠰᠤᠷᠠᠯᠳ᠋ᠡ ᠦᠭᠡᠶ ᠴᠢᠩᠭ᠋ᠠᠳᠬᠠᠵᠤ᠂ ᠬᠡᠪ ᠦᠨ ᠠᠵᠢᠯ ᠤᠨ ᠡᠮᠬᠢ ᠲᠢᠭ᠍ᠯᠢᠮ ᠢ ᠦᠨᠡᠨ ᠬᠥ ᠪᠠᠲᠤᠯᠠᠨ᠂ ᠡᠯ᠎ᠠ ᠲᠥᠷᠥᠯ ᠦᠨ ᠠᠵᠢᠯ ᠤᠨ ᠦᠨᠳ᠋ᠦᠷ ᠪᠦᠳ᠋ᠦᠮᠵᠢᠳ᠋ᠠᠢ ᠡᠮᠬᠢ ᠵᠢᠷᠤᠮ ᠲᠡᠶ ᠶᠠᠪᠤᠭᠳ᠋ᠠᠬᠤ ᠶᠢ ᠪᠠᠲᠤᠯᠠᠬᠤ ᠬᠡᠷᠡᠭ᠍ᠲᠡᠢ᠃ ᠦᠵᠡᠯᠳ᠋ᠡ ᠲᠠᠨᠢᠯᠲᠠ ᠪᠠᠨ ᠬᠤᠪᠢᠷᠠᠭᠤᠯᠤᠨ᠂ ᠦᠵᠡᠯ ᠰᠠᠨᠠᠭ᠎ᠠ ᠲᠠᠨᠢᠯᠳ᠋ᠡ ᠪᠠᠨ ᠲᠡᠭᠡᠭ᠍ᠰᠢᠯᠡᠭᠦᠯᠵᠦ᠂ ᠪᠦᠬᠦ ᠬᠣᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠡᠴᠡ ᠲᠤᠷᠠᠳ᠋ᠤᠭᠰᠠᠨ ᠰᠢᠨ᠎ᠠ ᠡᠭᠦᠷᠭᠡ᠂ ᠰᠢᠨ᠎ᠠ ᠱᠠᠭᠠᠷᠳ᠋ᠠᠯᠭ᠎ᠠ ᠶᠢᠨ ᠲᠤᠭᠤᠷᠢᠨ ᠳᠤ᠂ ᠡᠯ᠎ᠠ ᠲᠥᠷᠥᠯ ᠦᠨ ᠠᠵᠢᠯ ᠤᠨ ᠨᠠᠢ᠌ᠳ᠋ᠠᠪᠤᠷᠢᠵᠢᠭᠤᠯᠤᠯᠳ᠋ᠠ ᠳᠤ ᠨᠠᠷᠢᠨ ᠬᠢᠨᠠᠮᠠᠭᠠᠢ ᠬᠢᠨᠠᠯᠳ᠋ᠠ ᠲᠠᠯᠪᠢᠨ᠂ ᠪᠦᠬᠦ ᠵᠢᠯ ᠦᠨ ᠠᠵᠢᠯ ᠤᠨ ᠡᠭᠦᠷᠭᠡ ᠪᠡᠨ ᠦᠨᠳ᠋ᠦᠷ ᠪᠠᠷᠢᠮᠵᠢᠶ᠎ᠠ᠂ ᠴᠢᠨᠠᠷ ᠰᠠᠢ᠌ᠲᠠᠢ ᠪᠡᠶᠡᠯᠡᠭᠦᠯᠬᠦ ᠪᠠᠷ ᠴᠢᠷᠮᠠᠢ᠌ᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠨᠠᠢ᠌ᠷᠠᠭᠤᠯᠤᠭᠴᠢ᠄ ᠯᠸᠢ ᠫᠠᠩ)   

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠨᠤᠯ ᠤᠨ ᠰᠤᠷᠤᠯᠴᠠᠯᠭ᠎ᠠ ᠶᠢᠨ ᠭᠣᠣᠯ ᠲᠤᠭᠤᠢ᠌ᠯᠠᠩ ᠤᠨ 2023 ᠣᠨ ᠤ ᠠᠩᠬᠠᠳ᠋ᠤᠭᠠᠷ ᠣᠳ᠋ᠠᠭᠠᠨ ᠤ (ᠦᠷᠭᠡᠳᠭᠡᠭ᠍ᠰᠡᠨ) ᠰᠤᠷᠤᠯᠴᠠᠯᠭ᠎ᠠ ᠶᠢᠨ ᠬᠤᠷᠠᠯ ᠬᠤᠷᠠᠯᠳ᠋ᠤᠪᠠ
ᠳᠠᠷᠠᠭᠠᠬᠢ᠄ ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠪᠠᠢ᠌ᠴᠠᠭᠠᠨ ᠰᠤᠳ᠋ᠤᠯᠤᠯᠳ᠋ᠠ ᠶᠢᠨ ᠶᠠᠷᠢᠯᠴᠠᠬᠤ ᠠᠵᠢᠯᠯᠠᠭ᠎ᠠ ᠦᠷᠨᠢᠭᠦᠯᠪᠡ