ᠤᠳᠤ ᠶᠢᠨ ᠪᠠᠢ᠌ᠷᠢ᠄ ᠪᠠᠢ᠌ᠩᠭᠤ ᠶᠢᠨ ᠬᠤᠷᠢᠶᠠᠨ ᠤ ᠠᠵᠢᠯ → ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠦᠬᠦ ᠬᠤᠰᠢᠭᠤᠨ ᠤ ᠮᠠᠯ ᠠᠵᠤ ᠠᠬᠤᠢ ᠶᠢᠨ ᠬᠦᠭ᠍ᠵᠢᠯᠳ᠋ᠡ ᠶᠢ ᠲᠦ᠋ᠯᠬᠢᠨ ᠠᠬᠢᠭᠤᠯᠵᠤ ᠪᠠᠢ᠌ᠨ᠎ᠠ

   ᠤᠢ᠌ᠷ᠎ᠠ ᠶᠢᠨ ᠵᠢᠯ ᠳ᠋ᠦ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠰᠢ ᠵᠢᠨ ᠫᠢᠩ ᠦᠨ ᠰᠢᠨ᠎ᠠ ᠴᠠᠭ ᠥᠶ᠎ᠠ ᠶᠢᠨ ᠲᠤᠮᠳ᠋ᠠᠳ᠋ᠤ ᠤᠯᠤᠰ ᠤᠨ ᠣᠨᠴᠠᠯᠢᠭ ᠲᠡᠶ ᠨᠡᠢ᠌ᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳ᠋ᠤᠯᠭ᠎ᠠ ᠪᠣᠯᠭᠠᠵᠤ᠂ ᠪᠦᠬᠦ ᠬᠣᠰᠢᠭᠤᠨ ᠤ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠶᠡᠬᠡ ᠲᠠᠯ᠎ᠠ ᠶᠢᠨ ᠲᠤᠭᠤᠷᠢᠨ ᠳᠤ᠂ ᠠᠷᠠᠳ ᠲᠦ᠋ᠮᠡᠨ ᠶᠢᠡᠷ ᠭᠣᠣᠯ ᠪᠣᠯᠭᠠᠬᠤ ᠬᠦᠭ᠍ᠵᠢᠯᠳ᠋ᠡ ᠶᠢᠨ ᠦᠵᠡᠯ ᠰᠠᠨᠠᠭ᠎ᠠ ᠶᠢ ᠪᠠᠲᠤ ᠪᠣᠢ ᠪᠣᠯᠭᠠᠵᠤ᠂ ᠮᠠᠯ ᠠᠵᠤ ᠠᠬᠤᠢ ᠳᠤ ᠰᠠᠭᠤᠷᠢᠯᠡᠨ᠂ ᠵᠥᠪ ᠤᠨᠤᠪᠴᠢᠳ᠋ᠠᠢ᠂ ᠦᠷ᠎ᠠ ᠪᠦᠳ᠋ᠦᠮᠵᠢᠳ᠋ᠠᠢ᠂ ᠬᠠᠦᠯᠢ ᠶᠤᠰᠤᠭᠠᠷ ᠬᠢᠨᠠᠯᠳ᠋ᠠ ᠲᠠᠯᠪᠢᠵᠤ᠂ ᠵᠠᠷᠤᠳ ᠬᠣᠰᠢᠭᠤᠨ ᠤ ᠮᠠᠯ ᠠᠵᠤ ᠠᠬᠤᠢ ᠶᠢᠨ ᠴᠢᠨᠠᠷ ᠰᠠᠢ᠌ᠲᠠᠢ ᠬᠦᠭ᠍ᠵᠢᠯᠳ᠋ᠡ ᠶᠢ ᠲᠦ᠋ᠯᠬᠢᠨ ᠠᠬᠢᠭᠤᠯᠵᠤ ᠪᠠᠢ᠌ᠨ᠎ᠠ᠃

       
           ᠪᠠᠢ᠌ᠴᠠᠭᠠᠨ ᠰᠤᠳ᠋ᠤᠯᠤᠯᠳ᠋ᠠ ᠶᠢ ᠵᠤᠬᠢᠶᠠᠨ ᠪᠠᠢ᠌ᠭᠤᠯᠵᠤ᠂ ᠮᠠᠯ ᠠᠵᠤ ᠠᠬᠤᠢ ᠶᠢᠨ ᠴᠢᠨᠠᠷ ᠰᠠᠢ᠌ᠲᠠᠢ ᠬᠦᠭ᠍ᠵᠢᠯᠳ᠋ᠡ ᠳ᠋ᠦ ᠪᠠᠳ᠋ᠤᠯᠠᠭ᠎ᠠ ᠬᠠᠩᠭ᠋ᠠᠪᠠ᠃ ᠤᠢ᠌ᠷ᠎ᠠ ᠶᠢᠨ ᠵᠢᠯ ᠳ᠋ᠦ᠂ ᠮᠠᠯ ᠠᠵᠤ ᠠᠬᠤᠢ ᠶᠢᠨ ᠬᠦᠷᠢᠶ᠎ᠠ ᠬᠡᠪᠴᠢᠶᠠᠨ ᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠶᠢ 5 ᠤᠳ᠋ᠠᠭ᠎ᠠ 80 ᠢᠯᠡᠭᠦᠦ ᠬᠦᠮᠥᠨ ᠢ ᠵᠤᠬᠢᠶᠠᠨ ᠪᠠᠢ᠌ᠭᠤᠯᠵᠤ ᠦᠷᠨᠢᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠦᠨ ᠲᠦ᠋ᠷᠦᠯ ᠵᠦ᠋ᠢᠯ ᠳ᠋ᠦ 3 ᠤᠳ᠋ᠠᠭ᠎ᠠ 110 ᠢᠯᠡᠬᠦᠦ ᠬᠦᠮᠦᠨ ᠦ ᠲᠦ᠋ᠪᠯᠡᠷᠡᠭᠦᠯᠦᠨ ᠪᠠᠢ᠌ᠴᠠᠭᠠᠯᠳ᠋ᠠ ᠦᠷᠨᠢᠭᠦᠯᠵᠦ᠂ ᠮᠠᠯ ᠠᠵᠤ ᠠᠬᠤᠢ ᠶᠢᠨ ᠦᠷ᠎ᠠ ᠠᠰᠢᠭ ᠪᠠ  ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭ᠍ᠳ᠋ᠡᠭᠦᠯᠪᠡ᠃

        
        ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠶᠢ ᠵᠤᠬᠢᠶᠠᠨ ᠪᠠᠢ᠌ᠭᠤᠯᠵᠤ᠂ ᠮᠠᠯ ᠠᠵᠤ ᠠᠬᠤᠢ ᠶᠢᠨ ᠠᠵᠤ ᠦᠢᠯᠡᠰ ᠦᠨ ᠬᠦᠭ᠍ᠵᠢᠯᠳ᠋ᠡ ᠳ᠋ᠦ ᠬᠠᠦᠯᠢ ᠵᠠᠰᠠᠯᠲᠠ ᠶᠢᠨ ᠪᠠᠳ᠋ᠤᠯᠠᠭ᠎ᠠ ᠬᠠᠩᠭ᠋ᠠᠪᠠ᠃ ᠤᠢ᠌ᠷ᠎ᠠ ᠶᠢᠨ ᠵᠢᠯ ᠳ᠋ᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠴᠡ 《ᠮᠠᠯ ᠠᠵᠤ ᠠᠬᠤᠢ ᠶᠢᠨ ᠬᠠᠦᠯᠢ》 《ᠬᠦᠷᠦᠰᠦ ᠰᠢᠷᠤᠢ ᠶᠢᠨ ᠬᠠᠮᠠᠭᠠᠯᠠᠯᠳ᠋ᠠ ᠶᠢᠨ ᠬᠠᠦᠯᠢ》 《ᠤᠷᠴᠢᠨ ᠲᠤᠭᠤᠷᠢᠨ ᠢ ᠬᠠᠮᠠᠭᠠᠯᠠᠬᠤ ᠬᠠᠦᠯᠢ》 《ᠠᠮᠢᠳ᠋ᠠᠨ ᠤ ᠬᠢᠵᠢᠭ᠌ ᠢ ᠰᠡᠷᠭᠡᠢ᠌ᠯᠡᠬᠦ ᠬᠠᠦᠯᠢ》 《ᠦᠪᠦᠷ ᠮᠣᠩᠭ᠋ᠣᠯ ᠤᠨ ᠦᠪᠡᠷᠳ᠋ᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠸᠭ᠍ᠨᠢᠭ᠌ ᠮᠡᠷᠭᠡᠵᠢᠯ ᠦᠨ ᠲᠠᠪᠰᠢᠯᠳ᠋ᠡ ᠶᠢᠨ ᠲᠥᠷᠢᠮ》 ᠵᠡᠷᠭᠡ ᠬᠠᠦᠯᠢ ᠴᠠᠭᠠᠵᠠ ᠬᠠᠦᠯᠢ ᠲᠤᠭᠳ᠋ᠠᠭᠠᠯ ᠢ ᠬᠡᠷᠡᠭ᠍ᠵᠢᠭᠦᠯᠵᠦ ᠪᠠᠢ᠌ᠭ᠎ᠠ ᠪᠠᠢ᠌ᠳ᠋ᠠᠯ ᠳᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ ᠪᠠ ᠬᠠᠦᠯᠢ ᠲᠦ᠋ᠭᠡᠮᠡᠯᠵᠢᠭᠦᠯᠬᠦ ᠤᠬᠠᠭᠤᠯᠭ᠎ᠠ ᠶᠢ 5 ᠤᠳ᠋ᠠᠭ᠎ᠠ ᠦᠷᠨᠢᠭᠦᠯᠦᠨ᠂ ᠠᠷᠠᠳ ᠤᠯᠠᠨ ᠢ ᠵᠤᠷᠢᠭᠵᠢᠭᠤᠯᠤᠨ ᠮᠠᠯ ᠠᠵᠤ ᠠᠬᠤᠢ ᠶᠢᠨ ᠬᠦᠷᠢᠶ᠎ᠠ ᠬᠡᠪᠴᠢᠶᠡᠨ ᠳ᠋ᠡᠬᠢ ᠬᠢᠨᠠᠯᠳ᠋ᠠ ᠲᠠᠯᠪᠢᠬᠤ ᠶᠢ ᠬᠡᠪ ᠦᠨ ᠪᠠᠢ᠌ᠳ᠋ᠠᠯ ᠲᠡᠶ ᠪᠣᠯᠭᠠᠪᠠ᠃

        
        ᠮᠦ᠋ᠷᠳ᠋ᠡᠵᠦ ᠬᠢᠨᠠᠨ ᠭᠦᠢᠴᠡᠳᠭᠡᠬᠦ ᠠᠵᠢᠯ ᠢ ᠦᠷᠨᠢᠭᠦᠯᠵᠦ᠂ ᠭᠤᠤᠯᠳ᠋ᠠᠯᠭ᠎ᠠ ᠲᠡᠶ ᠰᠠᠨᠠᠭᠤᠯᠭ᠎ᠠ ᠶᠢ ᠪᠤᠳ᠋ᠠᠳ᠋ᠠᠢ᠌ᠵᠢᠭᠤᠯᠤᠨ ᠨᠠᠢ᠌ᠳ᠋ᠠᠪᠤᠷᠢᠵᠢᠭᠤᠯᠬᠤ ᠳᠤ ᠪᠠᠳ᠋ᠤᠯᠠᠭ᠎ᠠ ᠬᠠᠩᠭ᠋ᠠᠪᠠ᠃ ᠦᠬᠡᠷ ᠦᠨ ᠡᠭᠦᠯᠳ᠋ᠡᠷ ᠢ ᠰᠠᠢ᠌ᠵᠢᠷᠠᠭᠤᠯᠬᠤ ᠶᠢ ᠠᠬᠢᠭᠤᠯᠬᠤ᠂ ᠦᠨᠳ᠋ᠦᠰᠦᠨ ᠱᠠᠳ᠋ᠤᠨ ᠤ ᠮᠠᠯ ᠠᠵᠤ ᠠᠬᠤᠢ ᠶᠢᠨ ᠡᠭᠦᠯᠲᠡᠷ ᠢ ᠰᠠᠢ᠌ᠵᠢᠷᠠᠭᠤᠯᠬᠤ ᠠᠵᠢᠯᠳ᠋ᠡᠨ ᠤ ᠮᠡᠷᠭᠡᠵᠢᠯ ᠦᠨ ᠪᠣᠯᠪᠠᠰᠤᠷᠠᠯ ᠢ ᠴᠢᠩᠭ᠋ᠠᠳᠬᠠᠬᠤ ᠵᠢᠴᠢ ᠮᠠᠯ ᠠᠵᠤ ᠠᠬᠤᠢ ᠶᠢᠨ ᠡᠭᠦᠯᠳ᠋ᠡᠷ ᠢ ᠰᠠᠢ᠌ᠵᠢᠷᠠᠭᠤᠯᠬᠤ ᠠᠵᠢᠯᠳ᠋ᠡᠨ ᠤ ᠠᠵᠢᠯ ᠤᠨ ᠨᠦ᠋ᠬᠦᠪᠦᠷᠢ ᠶᠢ ᠪᠠᠳ᠋ᠤᠯᠠᠬᠤ ᠵᠡᠷᠭᠡ ᠭᠤᠤᠯᠳ᠋ᠠᠯᠭ᠎ᠠ ᠲᠡᠶ ᠰᠠᠨᠠᠭᠤᠯᠭ᠎ᠠ ᠲᠡᠶ ᠤᠶᠠᠯᠳ᠋ᠤᠭᠤᠯᠵᠤ᠂ ᠪᠠᠢ᠌ᠩᠭ᠋ᠤ ᠶᠢᠨ ᠬᠤᠷᠢᠶᠡᠨ ᠤ ᠤᠳ᠋ᠤᠷᠢᠳ᠋ᠤᠯᠭ᠎ᠠ ᠲᠦ᠋ᠷᠦᠭᠦᠯᠡᠨ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠪᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠬᠢᠨᠠᠨ ᠰᠢ᠌ᠳᠪᠦᠷᠢᠯᠡᠬᠦ 4 ᠠᠵᠢᠯᠯᠠᠬᠤ ᠲᠤᠭᠤᠢ᠌ᠯᠠᠩ ᠪᠠᠢ᠌ᠭᠤᠯᠤᠨ ᠭᠤᠤᠯᠳ᠋ᠠᠯᠭ᠎ᠠ ᠲᠡᠶ ᠬᠢᠨᠠᠨ ᠭᠦᠢᠴᠡᠳᠭᠡᠵᠦ᠂ ᠭᠦᠢᠴᠡᠳᠭᠡᠬᠦ ᠶᠠᠰᠤ ᠴᠢᠨᠠᠷ ᠪᠠ ᠪᠣᠳ᠋ᠠᠳ᠋ᠤ ᠦᠷ᠎ᠠ ᠪᠦᠳ᠋ᠦᠮᠵᠢ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 2023 ᠣᠨ ᠤ ᠠᠷᠠᠳ ᠤᠨ ᠲᠥᠯᠦᠭᠡᠯᠡᠭ᠍ᠴᠢᠳ ᠦᠨ ᠰᠠᠨᠠᠭᠤᠯᠭ᠎ᠠ ᠶᠢ ᠲᠤᠰᠢᠶᠠᠨ ᠰᠢ᠌ᠳᠪᠦᠷᠢᠯᠡᠬᠦ ᠬᠤᠷᠠᠯ ᠬᠤᠷᠠᠯᠳ᠋ᠤᠭᠤᠯᠪᠠ