ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠦᠨ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠭᠤᠯᠪᠠ

2 ᠰᠠᠷ᠎ᠠ ᠶᠢᠨ 10 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠦᠨ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠬᠤᠷᠠᠯ ᠡᠷᠬᠢᠯᠡᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠨ ᠪᠣᠤ ᠯᠦ᠋ᠩ᠂ ᠵᠠᠩ ᠴᠥᠨ ᠡᠾᠦ᠋ᠢ ᠬᠤᠷᠠᠯ ᠳᠤ ᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠷᠠᠯ ᠳᠤ ᠰᠤᠯᠠ ᠤᠷᠤᠯᠴᠠᠪᠠ᠃
ᠬᠤᠷᠠᠯ ᠲᠡᠭᠡᠷ᠎ᠠ᠂ ᠡᠦ ᠴᠢᠩ ᠬᠠᠢ᠂ ᠪᠣᠤ ᠯᠦ᠋ᠩ᠂ ᠵᠠᠩ ᠴᠥᠨ ᠡᠾᠦ᠋ᠢ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠡᠴᠡ ᠡᠮᠦᠨᠡᠬᠢ ᠰᠤᠷᠤᠯᠴᠠᠯᠭ᠎ᠠ ᠶᠢᠨ ᠭᠣᠣᠯ ᠰᠡᠳ᠋ᠦᠪ ᠦᠨ ᠲᠤᠭᠤᠷᠢᠨ ᠳᠤ᠂ ᠦᠪᠡᠷ ᠦᠪᠡᠷ ᠦᠨ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠪᠠᠨ ᠤᠶᠠᠯᠳ᠋ᠤᠭᠤᠯᠤᠨ ᠰᠤᠳ᠋ᠤᠯᠤᠨ ᠶᠠᠷᠢᠯᠴᠠᠬᠤ ᠢᠯᠡᠳᠭᠡᠯ ᠬᠢᠪᠡ᠃
ᠬᠤᠷᠠᠯ ᠡᠴᠡ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠭᠡᠰᠢᠭᠦᠳ᠂ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠤᠨ ᠭᠣᠣᠯ ᠰᠡᠳ᠋ᠦᠪ ᠦᠨ ᠲᠤᠭᠤᠷᠢᠨ ᠳᠤ᠂ 7 ᠲᠠᠯ᠎ᠠ ᠲᠡᠶ ᠬᠠᠷᠭᠤᠭᠤᠯᠤᠨ᠂ ᠬᠤᠪᠢ ᠪᠡᠶ᠎ᠠ᠂ ᠡᠭᠦᠷᠭᠡ ᠬᠠᠷᠢᠭᠤᠴᠠᠯᠭ᠎ᠠ᠂ ᠠᠵᠢᠯ ᠶᠢᠡᠨ ᠪᠠᠬᠳ᠋ᠠᠭᠠᠨ ᠤᠷᠤᠭᠤᠯᠵᠤ᠂ ᠦᠵᠡᠯ ᠰᠠᠨᠠᠭᠠᠨ ᠤ ᠡᠬᠢ ᠰᠤᠷᠪᠤᠯᠵᠢ ᠶᠢ ᠭᠦᠨᠵᠡᠭᠡᠢ ᠵᠠᠳ᠋ᠠᠯᠤᠨ᠂ ᠴᠢᠷᠮᠠᠢ᠌ᠬᠤ ᠴᠢᠭᠯᠡᠯ ᠢᠶᠡᠨ ᠲᠤᠳ᠋ᠤᠷᠬᠠᠢ᠌ᠯᠠᠬᠤ ᠬᠡᠷᠡᠭ᠍ᠳ᠋ᠡᠢ︔ ᠰᠡᠳᠭᠢᠯ ᠦᠨ ᠦᠭᠡ ᠪᠡᠨ ᠶᠠᠷᠢᠯᠴᠠᠬᠤ ᠶᠠᠷᠢᠯᠴᠠᠭ᠎ᠠ ᠶᠢ ᠦᠷᠨᠢᠭᠦᠯᠬᠦ ᠳ᠋ᠦ ᠲᠤᠰᠬᠠᠢ ᠴᠠᠭ ᠲᠤᠬᠢᠷᠠᠭᠤᠯᠤᠨ᠂ ᠭᠦᠢᠴᠡᠳ ᠴᠠᠭ ᠲᠡᠶ ᠪᠠᠢ᠌ᠬᠤ ᠶᠢ ᠪᠠᠳ᠋ᠤᠯᠠᠵᠤ᠂ ᠰᠡᠳᠭᠢᠯ ᠦᠨ ᠦᠭᠡ ᠪᠡᠨ ᠶᠠᠷᠢᠯᠴᠠᠬᠤ ᠳᠤ 《ᠭᠤᠷᠪᠠᠨ ᠵᠠᠪᠠᠯ ᠶᠠᠷᠢᠯᠴᠠᠬᠤ》 ᠶᠢ ᠪᠡᠶᠡᠯᠡᠭᠦᠯᠬᠦ ᠬᠡᠷᠡᠭ᠍ᠲᠡᠢ︔ ᠰᠢᠭᠦᠮᠵᠢᠯᠡᠯ ᠪᠠ ᠦᠪᠡᠷ ᠦᠨ ᠰᠢᠭᠦᠮᠵᠢᠯᠡᠯ ᠢ ᠦᠷᠨᠢᠭᠦᠯᠬᠦ ᠳ᠋ᠦ《ᠪᠦᠯᠬᠦᠮᠳ᠋ᠡᠬᠦ᠂ ᠰᠢᠭᠦᠮᠵᠢᠯᠡᠬᠦ᠂ ᠪᠦᠯᠬᠦᠮᠳ᠋ᠡᠬᠦ》 ᠴᠢᠭᠯᠡᠯᠳ᠋ᠡ ᠶᠢ ᠲᠤᠭᠤᠰᠢᠯᠠᠭᠤᠯᠤᠨ᠂ ᠬᠢᠳ᠋ᠤᠭᠠᠨ ᠤ ᠢᠷ ᠢ ᠲᠤᠳ᠋ᠤᠭᠰᠢ ᠬᠠᠨᠳ᠋ᠤᠭᠤᠯᠬᠤ ᠶᠢ ᠪᠠᠷᠢᠮᠳ᠋ᠠᠯᠠᠵᠤ᠂ ᠦᠪᠡᠷ ᠦᠨ ᠪᠡᠶ᠎ᠠ ᠳ᠋ᠡᠬᠡᠨ ᠬᠤᠪᠢᠰᠬᠠᠯ ᠬᠢᠬᠥ ᠳ᠋ᠦ ᠬᠡᠷᠡᠭᠯᠡᠨ᠂ ᠰᠢᠭᠦᠮᠵᠢᠯᠡᠯ ᠪᠠ ᠦᠪᠡᠷ ᠦᠨ ᠰᠢᠭᠦᠮᠵᠢᠯᠡᠯ ᠦᠨ ᠵᠡᠪᠰᠡᠭ᠌ ᠢ ᠭᠦᠢᠴᠡᠳ ᠬᠡᠷᠡᠭᠯᠡᠵᠦ᠂ ᠢᠳ᠋ᠡᠪᠬᠢᠳ᠋ᠠᠢ ᠪᠦᠭᠡᠳ ᠡᠷᠡᠭᠦᠯ ᠦᠵᠡᠯ ᠰᠠᠨᠠᠭᠠᠨ ᠤ ᠲᠡᠮᠡᠴᠡᠯ ᠢ ᠦᠷᠨᠢᠭᠦᠯᠬᠦ ᠬᠡᠷᠡᠭ᠍ᠲᠡᠢ ᠭᠡᠵᠦ ᠱᠠᠭᠠᠷᠳ᠋ᠠᠪᠠ᠃ (ᠨᠠᠢ᠌ᠷᠠᠭᠤᠯᠤᠭᠴᠢ᠄ ᠯᠸᠢ ᠫᠠᠩ)