ᠡᠦ ᠴᠢᠩ ᠬᠠᠢ ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠨ ᠪᠠᠢ᠌ᠴᠠᠭᠠᠨ ᠰᠤᠳ᠋ᠤᠯᠤᠯᠳ᠋ᠠ ᠶᠢᠨ ᠶᠠᠷᠢᠯᠴᠠᠬᠤ ᠠᠵᠢᠯᠯᠠᠭ᠎ᠠ ᠦᠷᠨᠢᠭᠦᠯᠪᠡ

2 ᠰᠠᠷ᠎ᠠ ᠶᠢᠨ 14 ᠤ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠭᠡᠷᠴᠢᠯᠠᠭᠤ ᠰᠤᠮᠤᠨ ᠳᠤ ᠭᠦᠨᠵᠡᠭᠡᠢ᠌ᠷᠡᠨ ᠦᠨᠳ᠋ᠦᠰᠦᠨ ᠱᠠᠳ᠋ᠤᠨ ᠤ ᠤᠷᠤᠰᠢᠵᠤ ᠪᠠᠢ᠌ᠬᠤ ᠠᠰᠠᠭᠤᠳ᠋ᠠᠯ᠂ ᠤᠯᠠᠨ ᠲᠦ᠋ᠮᠡᠨ ᠦ ᠠᠮᠢᠳ᠋ᠤᠷᠠᠯ ᠤᠨ ᠬᠦᠰᠡᠯ ᠡᠷᠡᠮᠡᠯᠵᠡᠯ ᠦᠨ ᠲᠤᠭᠤᠷᠢᠨ ᠳᠤ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠵᠤ ᠶᠠᠷᠢᠯᠴᠠᠬᠤ ᠠᠵᠢᠯᠯᠠᠭ᠎ᠠ ᠦᠷᠨᠢᠭᠦᠯᠵᠦ᠂ ᠦᠨᠳ᠋ᠦᠰᠦᠨ ᠱᠠᠳ᠋ᠤᠨ ᠳᠤ ᠬᠦᠷᠴᠦ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠢ᠌ᠳ᠋ᠠᠪᠤᠷᠢᠵᠢᠭᠤᠯᠬᠤ ᠶᠢ ᠪᠤᠳ᠋ᠤᠮᠵᠢᠳ᠋ᠠᠢ ᠠᠬᠢᠭᠤᠯᠪᠠ᠃
ᠡᠦ ᠴᠢᠩ ᠬᠠᠢ ᠭᠡᠷᠴᠢᠯᠠᠭᠤ ᠭᠠᠴᠠᠭᠠᠨ ᠳᠤ ᠬᠦᠷᠴᠦ᠂ ᠮᠠᠯᠴᠢᠳ ᠤᠨ ᠭᠡᠷ ᠲᠤ ᠤᠷᠤᠵᠤ ᠠᠷᠠᠳ ᠤᠨ ᠪᠠᠢ᠌ᠳ᠋ᠠᠯ ᠢ ᠣᠢᠯᠠᠭᠠᠵᠤ᠂ ᠪᠤᠳ᠋ᠠᠳ᠋ᠤ ᠪᠠᠢ᠌ᠳ᠋ᠠᠯ ᠢ ᠡᠵᠡᠮᠰᠢᠭᠰᠡᠨ ᠪᠦᠭᠡᠳ ᠭᠡᠷᠴᠢᠯᠠᠭᠤ ᠰᠤᠮᠤᠨ ᠤ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠳ᠋ᠦ ᠬᠤᠳ᠋ᠠ᠂ ᠬᠤᠰᠢᠭᠤ᠂ ᠰᠤᠮᠤ ᠭᠤᠷᠪᠠᠨ ᠱᠠᠳ᠋ᠤᠨ ᠤ ᠲᠦ᠋ᠯᠦᠭᠡᠯᠡᠭ᠍ᠴᠢ ᠪᠤᠯᠤᠨ ᠲᠤᠰᠬᠤᠨ ᠤ ᠠᠷᠠᠳ ᠤᠨ ᠲᠦ᠋ᠯᠦᠭᠡᠯᠡᠭ᠍ᠴᠢ᠂ ᠨᠠᠮ ᠵᠠᠰᠠᠭ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠢ ᠵᠤᠬᠢᠶᠠᠨ ᠪᠠᠢ᠌ᠭᠤᠯᠵᠤ᠂ ᠶᠠᠷᠢᠯᠴᠠᠬᠤ ᠬᠤᠷᠠᠯ ᠬᠤᠷᠠᠯᠳ᠋ᠤᠭᠤᠯᠪᠠ᠃ ᠤᠯᠠᠨ ᠶᠢᠡᠷ ᠢᠶᠡᠨ ᠠᠮᠢ ᠠᠬᠤᠢ ᠶᠢᠨ ᠬᠠᠮᠠᠭᠠᠯᠠᠯᠳ᠋ᠠ᠂ ᠦᠬᠡᠷ ᠦᠨ ᠠᠵᠤ ᠦᠢᠯᠡᠰ ᠦᠨ ᠬᠦᠭ᠍ᠵᠢᠯᠳ᠋ᠡ᠂ ᠮᠠᠯ ᠪᠡᠯᠴᠢᠭᠡᠷ ᠦᠨ ᠲᠡᠩᠴᠡᠭᠦᠷᠢ᠂ ᠠᠷᠠᠳ ᠤᠨ ᠠᠮᠢᠳ᠋ᠤᠷᠠᠯ ᠤᠨ ᠪᠠᠳ᠋ᠤᠯᠠᠭ᠎ᠠ ᠪᠤᠯᠤᠨ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠳ᠋ᠦᠯ ᠢᠶᠡᠨ ᠪᠠᠳ᠋ᠠᠷᠠᠭᠤᠯᠬᠤ ᠵᠢᠴᠢ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠨᠡᠩ ᠰᠠᠢ᠌ᠳ᠋ᠤᠷ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠲᠤᠳ᠋ᠠᠭᠳ᠋ᠠᠯ ᠶᠢᠡᠨ ᠡᠷᠢᠵᠦ᠂ ᠰᠠᠨᠠᠯ ᠰᠠᠨᠠᠭᠤᠯᠭ᠎ᠠ ᠲᠤᠷᠠᠳ᠋ᠤᠨ᠂ ᠬᠦᠭ᠍ᠵᠢᠯᠳ᠋ᠡ ᠶᠢᠨ ᠲᠤᠬᠠᠢ ᠶᠠᠷᠢᠯᠴᠠᠵᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠪᠤᠯᠤᠨ ᠤᠯᠠᠨ ᠲᠦ᠋ᠮᠡᠨ ᠦ ᠰᠠᠨᠠᠯ ᠢ ᠰᠤᠨᠤᠰᠤᠨ᠂ ᠤᠯᠠᠨ ᠲᠦ᠋ᠮᠡᠨ ᠦ ᠬᠦᠰᠡᠯ ᠪᠣᠳ᠋ᠤᠯ ᠢ ᠭᠦᠨᠵᠡᠭᠡᠢ ᠤᠢ᠌ᠯᠠᠭᠠᠪᠠ᠃
ᠬᠤᠷᠠᠯ ᠳᠤ ᠤᠷᠤᠯᠴᠠᠭᠰᠠᠳ᠂ ᠠᠷᠠᠳ ᠤᠨ ᠲᠦ᠋ᠯᠦᠭᠡᠯᠡᠭ᠍ᠴᠢ ᠪᠣᠯᠣᠭᠰᠠᠨ ᠤ ᠬᠤᠪᠢ ᠳᠤ ᠵᠢᠱᠢᠶ᠎ᠠ ᠦᠵᠡᠭᠦᠯᠵᠦ ᠬᠦᠳ᠋ᠦᠯᠦᠨ ᠲᠠᠭᠠᠭᠤᠯᠬᠤ ᠦᠢᠯᠡᠳ᠋ᠦᠯ ᠢᠶᠡᠨ ᠭᠦᠢᠴᠡᠳ ᠪᠠᠳ᠋ᠠᠷᠠᠭᠤᠯᠤᠨ᠂ ᠨᠠᠮ ᠤᠨ ᠬᠤᠷᠢᠶᠠᠨ ᠤ ᠪᠠᠲᠤ ᠴᠢᠩᠭ᠎ᠠ ᠤᠳ᠋ᠤᠷᠢᠳ᠋ᠤᠯᠭ᠎ᠠ ᠲᠤᠤᠷ᠎ᠠ᠂ ᠢᠮᠠᠭᠳ᠋ᠠ ᠨᠠᠮ ᠪᠣᠯᠣᠨ ᠠᠷᠠᠳ ᠲᠦ᠋ᠮᠡᠨ ᠲᠡᠶ ᠰᠡᠳᠭᠢᠯ ᠨᠢᠭᠡᠳ᠋ᠦᠵᠦ᠂ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ᠂ ᠠᠮᠢ ᠠᠬᠤᠢ ᠶᠢ ᠬᠠᠮᠠᠭᠠᠯᠠᠬᠤ᠂ ᠨᠡᠢ᠌ᠭᠡᠮ ᠦᠨ ᠠᠮᠤᠷ ᠲᠤᠭᠳ᠋ᠠᠭᠤᠨ ᠢ ᠬᠠᠮᠠᠭᠠᠯᠠᠬᠤ ᠵᠡᠷᠭᠡ ᠭᠤᠤᠯᠳ᠋ᠠᠯᠭ᠎ᠠ ᠲᠡᠶ ᠠᠵᠢᠯ ᠳᠤ ᠢᠳ᠋ᠡᠪᠬᠢᠳ᠋ᠠᠢ ᠤᠷᠤᠯᠴᠡᠨ᠂ ᠲᠦ᠋ᠯᠦᠭᠡᠯᠡᠭ᠍ᠴᠢᠳ ᠦᠨ ᠤᠶᠤᠨ ᠤᠬᠠᠭᠠᠨ ᠬᠦᠴᠦᠨ ᠴᠢᠳ᠋ᠠᠯ ᠢ ᠨᠢᠭᠳ᠋ᠠᠷᠠᠭᠤᠯᠵᠤ᠂ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠲᠤᠮᠲᠠ ᠢᠳ᠋ᠡᠪᠬᠢᠳ᠋ᠠᠢ ᠬᠤᠪᠢ ᠨᠡᠮᠡᠷᠢ ᠦᠵᠡᠭᠦᠯᠦᠨ᠎ᠠ ᠭᠡᠵᠦ ᠰᠠᠨᠠᠯ ᠨᠢᠭᠡᠳ᠋ᠠᠢ ᠦᠵᠡᠪᠡ᠃ (ᠨᠠᠢ᠌ᠷᠠᠭᠤᠯᠤᠭᠴᠢ᠄ ᠯᠸᠢ ᠫᠠᠩ)