ᠵᠠᠩ ᠶᠦ᠋ᠩ ᠴᠢᠶᠠᠩ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ ᠲᠠᠭᠠᠭᠤᠯᠤᠨ ᠰᠤᠷᠤᠯᠴᠡᠨ ᠪᠠᠢ᠌ᠴᠠᠭᠠᠬᠤ ᠠᠵᠢᠯᠯᠠᠭ᠎ᠠ ᠦᠷᠨᠢᠭᠦᠯᠪᠡ

2 ᠰᠠᠷ᠎ᠠ ᠶᠢᠨ 15 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠶᠦ᠋ᠩ ᠴᠢᠶᠠᠩ ᠬᠤᠳ᠋ᠠ᠂ ᠬᠤᠰᠢᠭᠤ᠂ ᠪᠠᠯᠭᠠᠰᠤ ᠭᠤᠷᠪᠠᠨ ᠱᠠᠳ᠋ᠤᠨ ᠤ ᠬᠡᠰᠡᠭ᠌ ᠠᠷᠠᠳ ᠤᠨ ᠲᠦ᠋ᠯᠦᠭᠡᠯᠡᠭ᠍ᠴᠢᠳ ᠵᠢᠴᠢ ᠰᠢᠶᠠᠩᠱᠠᠨ ᠪᠠᠯᠭᠠᠰᠤᠨ ᠤ ᠨᠠᠮ ᠵᠠᠰᠠᠭ ᠤᠨ ᠬᠠᠮᠢᠶ᠎ᠠ ᠪᠦᠬᠦᠢ ᠬᠠᠷᠢᠭᠤᠴᠠᠯᠭᠠᠳ᠋ᠠᠨ ᠶᠢᠡᠷ ᠪᠦᠷᠢᠯᠳ᠋ᠦᠭ᠍ᠰᠡᠨ ᠰᠤᠷᠤᠯᠴᠠᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ᠂ ᠤᠷᠢᠳ ᠬᠣᠵᠢᠳ ᠬᠢᠩᠭ᠋ᠠᠨ ᠠᠢ᠌ᠮᠠᠭ ᠤᠨ ᠬᠤᠷᠴᠢᠨ ᠪᠠᠷᠠᠭᠤᠨ ᠭᠠᠷᠤᠨ ᠲᠤᠮᠳ᠋ᠠᠳ᠋ᠤ ᠬᠤᠰᠢᠭᠤᠨ ᠤ ᠦᠪᠦᠷ ᠮᠤᠩᠭ᠋ᠤᠯ ᠤᠨ ᠰᠢ ᠮᠦ ᠤᠰᠤ ᠠᠷᠪᠢᠯᠠᠬᠤ ᠤᠰᠤᠯᠠᠯᠳ᠋ᠠ ᠶᠢᠨ ᠲᠦ᠋ᠬᠦᠭᠡᠷᠦᠮᠵᠢ ᠶᠢᠨ ᠬᠢᠵᠠᠭᠠᠷᠳ᠋ᠤ ᠺᠤᠮᠫᠠᠨᠢ᠂ ᠵᠠᠷᠤᠳ ᠬᠤᠰᠢᠭᠤᠨ ᠤ ᠵᠦ᠋ᠩ ᠳ᠋ᠧ ᠦᠷ᠎ᠠ ᠶᠢᠨ ᠦᠢᠯᠡᠰ ᠦᠨ ᠬᠢᠵᠠᠭᠠᠷᠳ᠋ᠤ ᠺᠤᠮᠫᠠᠨᠢ᠂ ᠵᠠᠷᠤᠳ ᠬᠣᠰᠢᠭᠤᠨ ᠤ ᠴᠢᠦ ᠹᠸᠩ ᠲᠠᠷᠢᠶᠠᠯᠠᠩ ᠠᠷᠠᠯᠵᠢᠶᠠᠨ ᠤ ᠬᠢᠵᠠᠭᠠᠷᠳ᠋ᠤ ᠺᠤᠮᠫᠠᠨᠢ ᠵᠡᠷᠭᠡ ᠭᠠᠵᠠᠷ ᠲᠤ ᠬᠦᠷᠴᠦ᠂ 《ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠠᠷᠠᠳ ᠤᠨ ᠲᠦ᠋ᠯᠦᠭᠡᠯᠡᠭ᠍ᠴᠢᠳ ᠦᠨ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠦᠴᠦᠨ ᠨᠡᠮᠡᠷᠢᠯᠡᠬᠦ》 ᠭᠣᠤᠯ ᠰᠡᠳ᠋ᠦᠪᠳ᠋ᠦ ᠠᠵᠢᠯᠯᠠᠭ᠎ᠠ ᠦᠷᠨᠢᠭᠦᠯᠪᠡ᠃

ᠬᠦᠷᠦᠭ᠍ᠰᠡᠨ ᠭᠠᠵᠠᠷ ᠪᠣᠯᠭᠠᠨ ᠳᠤ᠂ ᠲᠦ᠋ᠯᠦᠭᠡᠯᠡᠭ᠍ᠴᠢᠳ ᠨᠠᠷᠢᠨ ᠬᠢᠨᠠᠮᠠᠭᠠᠢ ᠦᠵᠡᠵᠦ ᠰᠤᠨᠤᠰᠤᠨ᠂ ᠰᠡᠳᠭᠢᠯ ᠲᠠᠯᠪᠢᠨ ᠴᠡᠭᠡᠵᠢᠯᠡᠵᠦ᠂ ᠡᠯ᠎ᠠ ᠭᠠᠵᠠᠷ ᠤᠨ ᠠᠵᠤ ᠦᠢᠯᠡᠰ ᠢ ᠬᠦᠭ᠍ᠵᠢᠭᠦᠯᠦᠨ ᠮᠠᠨᠳ᠋ᠤᠭᠤᠯᠵᠤ ᠪᠠᠢ᠌ᠭ᠎ᠠ ᠪᠠᠢ᠌ᠳ᠋ᠠᠯ ᠪᠠ ᠠᠵᠤ ᠠᠬᠤᠢ᠌ᠯᠠᠯ ᠤᠨ ᠠᠵᠢᠯᠯᠠᠭᠠᠨ ᠤ ᠵᠠᠬᠪᠤᠷ ᠢ ᠰᠤᠷᠤᠯᠴᠠᠬᠤ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠤᠯᠠᠨ ᠲᠦ᠋ᠮᠡᠨ ᠦ ᠬᠦᠰᠡᠯ ᠱᠠᠭᠠᠷᠳ᠋ᠠᠯᠭ᠎ᠠ ᠪᠠ ᠮᠠᠯ ᠠᠵᠤ ᠠᠬᠤᠢ ᠲᠠᠷᠢᠶᠠᠯᠠᠩ ᠤᠨ ᠬᠦᠭ᠍ᠵᠢᠯᠳ᠋ᠡ ᠳ᠋ᠦ ᠲᠤᠯᠭᠠᠷᠠᠵᠤ ᠪᠠᠢ᠌ᠭ᠎ᠠ ᠠᠰᠠᠭᠤᠳ᠋ᠠᠯ ᠢ ᠨᠠᠷᠢᠨ ᠬᠢᠨᠠᠮᠠᠭᠠᠢ ᠰᠤᠳ᠋ᠤᠯᠤᠨ ᠶᠠᠷᠢᠯᠴᠠᠵᠤ ᠰᠠᠨᠠᠯ ᠶᠢᠡᠨ ᠰᠤᠯᠢᠯᠴᠠᠪᠠ᠃ ᠬᠤᠷᠠᠯ ᠲᠡᠭᠡᠷ᠎ᠠ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠳᠤ ᠬᠡᠷᠬᠢᠨ ᠨᠡᠩ ᠰᠠᠢ᠌ᠳ᠋ᠤᠷ ᠬᠦᠴᠦᠨ ᠨᠡᠮᠡᠷᠢᠯᠡᠬᠦ ᠲᠤᠬᠠᠢ ᠬᠦᠷ ᠬᠦᠭ᠍ᠵᠢᠶᠡᠨ ᠲᠡᠶ ᠶᠠᠷᠢᠯᠴᠠᠭ᠎ᠠ ᠦᠷᠨᠢᠭᠦᠯᠪᠡ᠃ (ᠨᠠᠢ᠌ᠷᠠᠭᠤᠯᠤᠭᠴᠢ᠄ ᠯᠸᠢ ᠫᠠᠩ)