
2 ᠰᠠᠷ᠎ᠠ ᠶᠢᠨ 16 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠣᠵᠢᠳ ᠲᠤᠯᠤᠳ᠋ᠤ ᠰᠤᠮᠤ ᠶᠢᠨ ᠬᠤᠢ᠌ᠳ᠋ᠤ ᠪᠤᠯᠠᠭᠳ᠋ᠤ ᠭᠠᠴᠠᠭ᠎ᠠ᠂ ᠡᠮᠦᠨ᠎ᠠ ᠪᠣᠯᠠᠭᠳ᠋ᠤ ᠭᠠᠴᠠᠭᠠᠨ ᠳᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠨ᠂ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠬᠠᠮᠢᠶᠠᠷᠤᠯᠳ᠋ᠠ᠂ ᠠᠵᠢᠯᠯᠠᠬᠤ ᠵᠢᠴᠢ ᠦᠢᠯᠡᠳ᠋ᠦᠯ ᠢᠶᠡᠨ ᠪᠠᠳ᠋ᠠᠷᠠᠭᠤᠯᠤᠭᠰᠠᠨ ᠪᠠᠢ᠌ᠳ᠋ᠠᠯ ᠢ ᠪᠠᠢ᠌ᠴᠠᠭᠠᠨ ᠵᠢᠯᠤᠭᠤᠳ᠋ᠤᠭᠰᠠᠨ ᠪᠦᠭᠡᠳ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭᠠᠨ ᠤ ᠮᠡᠳ᠋ᠡᠯᠭᠡ ᠶᠢ ᠰᠤᠷᠤᠯᠴᠠᠬᠤ ᠮᠠᠲ᠋ᠸᠷᠢᠶᠠᠯ ᠪᠠ ᠬᠠᠮᠢᠶ᠎ᠠ ᠪᠦᠬᠦᠢ ᠨᠣᠮ ᠪᠢᠴᠢᠭ᠌ ᠢ ᠬᠦᠷᠭᠡᠪᠡ᠃

ᠰᠠᠭᠤᠳ᠋ᠠᠯ ᠤᠨ ᠬᠤᠷᠠᠯ ᠲᠡᠭᠡᠷ᠎ᠠ᠂ ᠡᠦ ᠴᠢᠩ ᠬᠠᠢ ᠲᠤᠯᠤᠳ᠋ᠤ ᠰᠤᠮᠤᠨ ᠤ ᠡᠯ᠎ᠠ ᠲᠦ᠋ᠷᠦᠯ ᠦᠨ ᠠᠵᠢᠯ ᠤᠨ ᠤᠯᠣᠭᠰᠠᠨ ᠠᠮᠵᠢᠯᠳ᠋ᠡ ᠶᠢ ᠭᠦᠢᠴᠡᠳ ᠨᠤᠲᠠᠯᠠᠬᠤ ᠶᠢᠨ ᠬᠠᠮᠳ᠋ᠤ ᠠᠷᠠᠳ ᠤᠨ ᠲᠦ᠋ᠯᠦᠭᠡᠯᠡᠭ᠍ᠴᠢ ᠶᠢᠨ ᠤᠬᠠᠭᠤᠯᠤᠭᠴᠢ᠂ ᠬᠢᠨᠠᠯᠳ᠋ᠠ ᠲᠠᠯᠪᠢᠭᠴᠢ᠂ ᠬᠤᠯᠪᠤᠭᠠᠴᠢᠨ᠂ ᠲᠠᠭᠠᠭᠤᠯᠤᠭᠴᠢ ᠶᠢᠨ ᠦᠢᠯᠡᠳ᠋ᠦᠯ ᠶᠢᠡᠨ ᠢᠳ᠋ᠡᠪᠬᠢᠳ᠋ᠠᠢ ᠪᠠᠳ᠋ᠠᠷᠠᠭᠤᠯᠵᠤ᠂ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ ᠠᠷᠠᠳ ᠤᠨ ᠪᠠᠢ᠌ᠳ᠋ᠠᠯ ᠢ ᠤᠢ᠌ᠯᠠᠭᠠᠵᠦ᠂ ᠠᠷᠠᠳ ᠤᠨ ᠤᠶᠤᠨ ᠤᠬᠠᠭᠠᠨ ᠢ ᠨᠢᠬᠲᠠᠷᠠᠭᠤᠯᠤᠨ᠂ ᠠᠷᠠᠳ ᠤ ᠠᠮᠢᠳ᠋ᠤᠷᠠᠯ ᠳᠤ ᠠᠰᠢᠭ ᠬᠦᠷᠳ᠋ᠡᠭᠡᠵᠦ᠂ ᠬᠦᠭ᠍ᠵᠢᠯᠳ᠋ᠡ ᠶᠢ ᠠᠬᠢᠭᠤᠯᠬᠤ ᠶᠢ ᠵᠤᠷᠢᠭᠵᠢᠭᠤᠯᠪᠠ᠃ ᠡᠭᠦᠨ ᠦ ᠬᠠᠮᠳ᠋ᠤ᠂ ᠲᠦ᠋ᠯᠦᠭᠡᠯᠡᠭ᠍ᠴᠢᠳ ᠪᠠᠢ᠌ᠴᠠᠭᠠᠨ ᠰᠤᠳ᠋ᠤᠯᠤᠯᠳ᠋ᠠ ᠪᠠᠨ ᠦᠷᠭᠦᠯᠵᠢᠯᠡᠨ ᠴᠢᠩᠭ᠋ᠠᠳᠬᠠᠨ᠂ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠬᠠᠯᠠᠮᠰᠢᠯ᠂ ᠬᠦᠴᠢᠷ ᠠᠰᠠᠭᠤᠳ᠋ᠠᠯ ᠢ ᠡᠵᠡᠮᠰᠢᠵᠦ᠂ ᠤᠯᠠᠨ ᠲᠦ᠋ᠮᠡᠨ ᠦ ᠲᠤᠯᠭᠠᠮ᠎ᠠ ᠱᠠᠭᠠᠷᠳ᠋ᠠᠵᠤ ᠪᠠᠢ᠌ᠭ᠎ᠠ《ᠪᠠᠴᠢᠮ ᠬᠦᠴᠢᠷ ᠬᠦᠰᠡᠯ ᠡᠷᠡᠮᠡᠯᠵᠡᠯ》 ᠢ ᠣᠢ᠌ᠯᠠᠭᠠᠨ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠤᠨᠤᠪᠴᠢᠳ᠋ᠠᠢ ᠲᠤᠰᠬᠠᠵᠤ᠂ ᠴᠠᠭ ᠲᠤᠬᠠᠢ ᠳ᠋ᠤᠨᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠵᠢᠴᠢ ᠪᠠᠢ᠌ᠩᠭ᠋ᠤ ᠶᠢᠨ ᠬᠤᠷᠢᠶ᠎ᠠ ᠳᠤ ᠨᠡᠩ ᠴᠢᠨᠠᠷ ᠰᠠᠢ᠌ᠲᠠᠢ᠂ ᠬᠡᠷᠡᠭ᠍ᠴᠡᠭᠡ ᠲᠡᠶ ᠰᠠᠨᠠᠯ ᠰᠠᠨᠠᠭᠤᠯᠭ᠎ᠠ ᠶᠢ ᠲᠤᠷᠠᠳ᠋ᠤᠬᠤ ᠶᠢ ᠬᠦᠰᠡᠪᠡ᠃ (ᠨᠠᠢ᠌ᠷᠠᠭᠤᠯᠤᠭᠴᠢ᠄ ᠯᠸᠢ ᠫᠠᠩ)