ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ 2023 ᠣᠨ ᠤ ᠲᠥᠪ ᠦᠨ ᠨᠢᠭᠡᠳ᠋ᠦᠭᠡᠷ ᠲᠤᠭᠠᠳ᠋ᠤ ᠪᠢᠴᠢᠭ᠌ ᠮᠠᠲ᠋ᠸᠷᠢᠶᠠᠯ ᠤᠨ ᠵᠣᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ

2 ᠰᠠᠷ᠎ᠠ ᠶᠢᠨ 17 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠨᠠᠮ ᠤᠨ ᠭᠡᠰᠢᠭᠦᠨ ᠺᠠᠲᠷᠴᠤᠳ ᠢ ᠵᠤᠬᠢᠶᠠᠨ ᠪᠠᠢ᠌ᠭᠤᠯᠵᠤ 2023 ᠣᠨ ᠤ ᠲᠥᠪ ᠦᠨ ᠨᠢᠭᠡᠳ᠋ᠦᠭᠡᠷ ᠲᠤᠭᠠᠳ᠋ᠤ ᠪᠢᠴᠢᠭ᠌ ᠮᠠᠲ᠋ᠸᠷᠢᠶᠠᠯ ᠤᠨ ᠵᠣᠷᠢᠭ ᠰᠠᠨᠠᠭ᠎ᠠ ᠶᠢ ᠲᠦ᠋ᠪᠯᠡᠷᠡᠭᠦᠯᠦᠨ ᠰᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠡᠷᠬᠢᠯᠡᠭ᠍ᠰᠡᠨ ᠪᠦᠭᠡᠳ ᠲᠠᠭᠠᠭᠤᠯᠤᠨ ᠰᠤᠷᠤᠯᠴᠠᠪᠠ᠃
ᠬᠤᠷᠠᠯ ᠡᠴᠡ《2023 ᠣᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠭᠤᠤᠯᠳ᠋ᠠᠯᠭ᠎ᠠ ᠲᠡᠶ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠦ᠋ᠪ ᠬᠣᠷᠢᠶ᠎ᠠ ᠲᠥᠷᠥ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠤᠨ ᠤᠤᠯ ᠵᠤᠬᠢᠶᠠᠯ ᠢ ᠤᠯᠠᠮᠵᠢᠯᠠᠨ ᠰᠤᠷᠤᠯᠴᠠᠪᠠ᠃ ᠬᠤᠷᠠᠯ ᠡᠴᠡ ᠨᠠᠮ ᠤᠨ ᠭᠡᠰᠢᠭᠦᠨ ᠺᠠᠳ᠋ᠷᠴᠤᠳ 《2023 ᠣᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠭᠤᠤᠯᠳ᠋ᠠᠯᠭ᠎ᠠ ᠲᠡᠶ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠦ᠋ᠪ ᠬᠣᠷᠢᠶ᠎ᠠ ᠲᠥᠷᠥ ᠶᠢᠨ ᠶᠠᠪᠤᠳ᠋ᠠᠯ ᠤᠨ ᠬᠤᠷᠢᠶᠠᠨ ᠤ ᠰᠠᠨᠠᠯ》 ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠢ᠌ᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠵᠢᠴᠢ ᠡᠯ᠎ᠠ ᠱᠠᠳ᠋ᠤᠨ ᠤ ᠨᠠᠮ ᠤᠨ ᠬᠤᠷᠢᠶᠠᠨ ᠤ ᠰᠢ᠌ᠳᠪᠦᠷᠢᠳ᠋ᠦ ᠪᠣᠳ᠋ᠤᠯᠭ᠎ᠠ ᠪᠠᠢ᠌ᠷᠢᠯᠠᠭᠤᠯᠤᠯᠳ᠋ᠠ ᠲᠡᠭᠡᠷ᠎ᠠ ᠦᠨᠡᠨᠬᠦ ᠨᠢᠭᠡᠳᠭᠡᠨ᠂ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠲᠥᠷᠥᠯ ᠦᠨ ᠠᠵᠢᠯ ᠳᠤ ᠠᠩᠬᠠᠷᠤᠯ ᠶᠢᠡᠨ ᠲᠦ᠋ᠪᠯᠡᠷᠡᠭᠦᠯᠵᠦ᠂ ᠪᠤᠳ᠋ᠠᠳ᠋ᠤ ᠪᠠᠢ᠌ᠳ᠋ᠠᠯ ᠳᠤ ᠰᠠᠭᠤᠷᠢᠯᠡᠨ᠂ ᠪᠦᠬᠦ ᠵᠢᠯ ᠦᠨ ᠭᠤᠤᠯᠳ᠋ᠠᠯᠭ᠎ᠠ ᠲᠡᠶ ᠠᠵᠢᠯ ᠢ ᠰᠢᠨᠵᠢᠯᠡᠬᠦ ᠤᠬᠠᠭᠠᠨᠴᠢ ᠪᠠᠷ ᠲᠦ᠋ᠯᠦᠪᠵᠢᠭᠦᠯᠵᠦ᠂ ᠪᠤᠳ᠋ᠠᠳ᠋ᠠᠢ ᠳ᠋ᠦ ᠨᠡᠢ᠌ᠴᠡᠭ᠍ᠰᠡᠨ ᠠᠵᠢᠯ ᠤᠨ ᠠᠷᠭ᠎ᠠ ᠠᠪᠴᠠᠯ ᠢ ᠰᠤᠳ᠋ᠤᠯᠤᠨ ᠲᠤᠭᠳ᠋ᠠᠭᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠵᠢᠯ ᠤᠨ ᠰᠢᠨ᠎ᠠ ᠪᠠᠢ᠌ᠳ᠋ᠠᠯ ᠢ ᠴᠢᠷᠮᠠᠢ᠌ᠨ ᠡᠭᠦᠳᠬᠦ ᠬᠡᠷᠡᠭ᠍ᠲᠡᠢ ᠭᠡᠵᠦ ᠴᠢᠬᠤᠯᠠᠴᠢᠯᠠᠪᠠ᠃
ᠬᠤᠷᠠᠯ ᠲᠡᠭᠡᠷ᠎ᠠ ᠯᠢ ᠴᠸᠩ ᠭᠦᠸᠸ ᠬᠤᠰᠢᠭᠤᠨ ᠤ ᠰᠠᠬᠢᠯᠭ᠎ᠠ ᠪᠠᠲᠤ ᠪᠠᠢ᠌ᠴᠠᠭᠠᠬᠤ ᠬᠤᠷᠢᠶᠠᠨ ᠤ ᠬᠤᠷᠠᠯ ᠤᠨ ᠰᠤᠷᠳ᠋ᠠᠯ ᠬᠤᠷᠠᠯ ᠤᠨ ᠰᠠᠬᠢᠯᠭ᠎ᠠ ᠪᠠᠲᠤ ᠳ᠋ᠦ ᠲᠤᠰᠬᠠᠢ ᠬᠢᠨᠠᠯᠳ᠋ᠠ ᠲᠠᠯᠪᠢᠬᠤ ᠲᠤᠬᠠᠢ ᠮᠡᠳ᠋ᠡᠭ᠍ᠳ᠋ᠡᠯ᠂《ᠠᠷᠢᠬᠢᠨ ᠰᠢᠷᠡᠭᠡᠨ ᠦ ᠰᠤᠶᠤᠯ》 ᠢ ᠲᠤᠰᠬᠠᠢ ᠴᠡᠭ᠍ᠴᠡᠯᠡᠨ ᠵᠠᠰᠠᠬᠤ ᠠᠵᠢᠯ ᠦᠷᠨᠢᠭᠦᠯᠬᠦ ᠲᠤᠬᠠᠢ ᠮᠡᠳ᠋ᠡᠭ᠍ᠳ᠋ᠡᠯ᠂ ᠠᠵᠢᠯ ᠤᠨ ᠰᠤᠷᠳ᠋ᠠᠯ ᠤᠨ ᠲᠤᠰᠬᠠᠢ ᠬᠢᠨᠠᠯᠳ᠋ᠠ ᠲᠠᠯᠪᠢᠬᠤ ᠲᠤᠬᠠᠢ ᠮᠡᠳ᠋ᠡᠭ᠍ᠳ᠋ᠡᠯ᠂《ᠵᠠᠷᠤᠳ ᠬᠣᠰᠢᠭᠤᠨ ᠤ〈ᠲᠠᠰᠤᠭ ᠤᠨ ᠲᠠᠷᠤᠭ᠎ᠠ〉 ᠶᠢ ᠲᠦ᠋ᠪᠯᠡᠷᠡᠭᠦᠯᠦᠨ ᠴᠡᠭ᠍ᠴᠡᠯᠡᠨ ᠵᠠᠰᠠᠬᠤ ᠠᠵᠢᠯ ᠤᠨ ᠲᠦ᠋ᠰᠦᠯ》 ᠢ ᠲᠠᠷᠤᠮᠯᠠᠨ ᠲᠠᠷᠬᠠᠭᠠᠬᠤ ᠲᠤᠬᠠᠢ ᠮᠡᠳ᠋ᠡᠭ᠍ᠳ᠋ᠡᠯ᠂《ᠪᠣᠯᠬᠢ ᠰᠤᠶᠤᠯ》 ᠢ ᠲᠤᠰᠬᠠᠢ ᠴᠡᠭ᠍ᠴᠡᠯᠡᠨ ᠵᠠᠰᠠᠬᠤ ᠠᠵᠢᠯ ᠦᠷᠨᠢᠭᠦᠯᠬᠦ ᠲᠤᠬᠠᠢ ᠮᠡᠳ᠋ᠡᠭ᠍ᠳ᠋ᠡᠯ ᠢ ᠤᠯᠠᠮᠵᠢᠯᠡᠨ ᠲᠠᠷᠬᠠᠭᠠᠪᠠ᠃ (ᠨᠠᠢ᠌ᠷᠠᠭᠤᠯᠤᠭᠴᠢ᠄ ᠯᠸᠢ ᠫᠠᠩ)