ᠰᠢᠯᠤᠭᠤᠨ ᠬᠥᠬᠡ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠲᠤᠭᠤᠷᠢᠨ ᠪᠠᠢ᠌ᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠯᠳ᠋ᠠ ᠦᠷᠨᠢᠭᠦᠯᠪᠡ

2 ᠰᠠᠷ᠎ᠠ ᠶᠢᠨ 18 ᠦ ᠡᠳ᠋ᠦᠷ ᠡᠴᠡ 19 ᠤ ᠡᠳ᠋ᠦᠷ ᠪᠣᠯᠳ᠋ᠠᠯ᠎ᠠ ᠂ ᠰᠢᠯᠢ ᠶᠢᠨ ᠭᠣᠣᠯ ᠠᠢ᠌ᠮᠠᠭ ᠦᠨ ᠰᠢᠯᠤᠭᠤᠨ ᠬᠥᠬᠡ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠲᠡᠳ᠋ ᠡᠷᠬᠢᠯᠡᠭ᠍ᠴᠢ ᠪᠦᠷᠢᠨᠪᠠᠲᠤ ᠲᠤᠭᠤᠷᠢᠨ ᠪᠠᠢ᠌ᠴᠠᠭᠠᠬᠤ ᠪᠦᠯᠬᠦᠮ ᠲᠠᠭᠠᠭᠤᠯᠤᠨ ᠮᠠᠨ ᠤ ᠬᠣᠰᠢᠭᠤᠨ ᠳᠤ ᠢᠷᠡᠵᠦ ᠲᠤᠭᠤᠷᠢᠨ ᠪᠠᠢ᠌ᠴᠠᠭᠠᠯᠳ᠋ᠠ ᠦᠷᠨᠢᠭᠦᠯᠪᠡ᠃ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠵᠢᠴᠢ ᠰᠤᠩᠭ᠋ᠤᠭᠤᠯᠢ ᠶᠢᠨ ᠶᠠᠪᠤᠳ᠋ᠠᠯ ᠢ ᠬᠠᠷᠢᠯᠴᠠᠬᠤ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠪᠠᠷ᠎ᠠ ᠪᠣᠯᠵᠤ ᠲᠤᠭᠤᠷᠢᠨ ᠪᠠᠢ᠌ᠴᠠᠭᠠᠪᠠ᠃
ᠲᠤᠭᠤᠷᠢᠨ ᠪᠠᠢ᠌ᠴᠠᠭᠠᠬᠤ ᠪᠦᠯᠬᠦᠮ ᠤᠷᠢᠳ ᠬᠣᠵᠢᠳ ᠯᠦ᠋ᠪᠸᠢ ᠪᠠᠯᠭᠠᠰᠤᠨ ᠤ ᠵᠦ᠋ᠩ ᠰᠢᠨ ᠲᠣᠰᠬᠤᠨ᠂ ᠦᠪᠦᠷ ᠮᠤᠩᠭ᠋ᠤᠯ ᠤᠨ ᠮᠠᠯᠴᠢᠨ ᠠᠢ᠌ᠯ ᠲᠠᠷᠢᠶᠠᠯᠠᠩ ᠮᠠᠯ ᠠᠵᠤ ᠠᠬᠤᠢ ᠶᠢᠨ ᠬᠦᠭ᠍ᠵᠢᠯᠳ᠋ᠡ ᠶᠢᠨ ᠬᠢᠵᠠᠭᠠᠷᠳ᠋ᠤ ᠺᠤᠮᠫᠠᠨᠢ᠂ ᠪᠠᠶᠠᠨᠳ᠋ᠠᠯ᠎ᠠ ᠰᠤᠮᠤ ᠶᠢᠨ ᠵᠡᠭᠦᠨ ᠰᠠᠯᠠᠭ᠎ᠠ ᠭᠠᠴᠠᠭᠠᠨ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠮᠠᠨ ᠤ ᠬᠤᠰᠢᠭᠤᠨ ᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠩᠨᠡᠯᠳ᠋ᠡ ᠶᠢᠨ ᠪᠠᠢ᠌ᠳ᠋ᠠᠯ᠂ ᠬᠤᠷᠰᠢᠶᠠᠵᠢᠯ ᠤᠨ ᠦᠬᠡᠷ ᠦᠨ ᠠᠵᠤ ᠦᠢᠯᠡᠰ ᠢ ᠬᠦᠭ᠍ᠵᠢᠭᠦᠯᠦᠭ᠍ᠰᠡᠨ ᠲᠤᠷᠰᠢᠯᠭ᠎ᠠ᠂ ᠦᠢᠯᠡᠳᠭᠦᠨ ᠪᠤᠷᠤᠯᠠᠭᠤᠯᠬᠤ ᠲᠡᠯᠭᠡᠭᠦᠷ ᠦᠨ ᠡᠵᠡᠩᠨᠡᠯᠳ᠋ᠡ ᠬᠠᠮᠢᠶᠠᠷᠤᠯᠳ᠋ᠠ᠂ ᠨᠠᠮ ᠤᠨ ᠪᠦᠳ᠋ᠦᠭᠡᠨ ᠪᠠᠢ᠌ᠭᠤᠯᠤᠯᠳ᠋ᠠ ᠪᠡᠷ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠶᠢ ᠬᠦᠳ᠋ᠦᠯᠦᠨ ᠲᠠᠭᠠᠭᠤᠯᠵᠤ ᠠᠬᠢᠭᠤᠯᠬᠤ᠂ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ ᠦᠢᠯᠡᠳ᠋ᠦᠯ ᠢ ᠪᠠᠳ᠋ᠠᠷᠠᠭᠤᠯᠤᠭᠰᠠᠨ ᠪᠠᠢ᠌ᠳ᠋ᠠᠯ ᠢ ᠨᠠᠷᠢᠯᠢᠭ ᠤᠢ᠌ᠯᠠᠭᠠᠪᠠ᠃ (ᠨᠠᠢ᠌ᠷᠠᠭᠤᠯᠤᠭᠴᠢ᠄ ᠯᠸᠢ ᠫᠠᠩ)