ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ

        
        2 ᠰᠠᠷ᠎ᠠ ᠶᠢᠨ 20 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠤ ᠴᠢᠩ ᠬᠠᠢ ᠬᠤᠷᠠᠯ ᠡᠷᠬᠢᠯᠡᠵᠦ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠡᠳ᠋ ᠡᠷᠬᠢᠯᠡᠭ᠍ᠴᠢ ᠪᠤᠤ ᠯᠦ᠋ᠩ᠂ ᠵᠠᠩ ᠴᠥᠨ ᠡᠾᠦ᠋ᠢ᠂ ᠶᠡᠩ ᠵᠸᠨ ᠴᠢᠩ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ ᠯᠢ ᠴᠸᠩ ᠬᠦᠸᠸ ᠬᠤᠷᠠᠯ ᠳ᠋ᠥ ᠤᠷᠤᠯᠴᠠᠪᠠ᠃ ᠬᠤᠰᠢᠭᠤᠨ ᠤ ᠰᠠᠬᠢᠯᠭ᠎ᠠ ᠪᠠᠳ᠋ᠤ ᠪᠠᠢ᠌ᠴᠠᠭᠠᠬᠤ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠢ᠌ᠭᠤᠯᠬᠤ ᠭᠡᠯᠳ᠋ᠡᠰ ᠤᠨ ᠬᠠᠮᠢᠶ᠎ᠠ ᠪᠦᠬᠦᠢ ᠨᠦ᠋ᠬᠦᠤᠨ ᠬᠤᠷᠠᠯ ᠳ᠋ᠥ ᠤᠷᠤᠯᠴᠠᠨ ᠵᠢᠯᠤᠭᠤᠳᠪᠠ᠃

        
        ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠲᠤᠰ ᠤᠳ᠋ᠠᠭᠠᠨ ᠤ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ ᠦᠵᠡᠵᠦ᠂ ᠲᠡᠭᠡᠳ᠋ᠦ ᠱᠠᠳ᠋ᠤᠨ ᠤ ᠨᠠᠮ ᠤᠨ ᠬᠤᠷᠢᠶᠠᠨ ᠤ ᠴᠢᠩᠭ᠎ᠠ ᠱᠠᠭᠠᠷᠳ᠋ᠠᠯᠭ᠎ᠠ ᠶᠤᠰᠤᠭᠠᠷ᠂ ᠬᠤᠷᠠᠯ ᠡᠴᠡ ᠡᠮᠦᠨᠡᠬᠢ ᠪᠡᠯᠡᠳᠭᠡᠯ ᠠᠵᠢᠯ ᠢ ᠯᠠᠪᠳ᠋ᠠᠭᠤᠨ ᠪᠠᠳ᠋ᠤᠲᠠᠢ ᠦᠷᠨᠢᠭᠦᠯᠦᠨ᠂ ᠨᠠᠷᠢᠨ ᠬᠢᠨᠠᠮᠠᠭᠠᠢ ᠰᠤᠳ᠋ᠤᠯᠤᠨ ᠶᠠᠷᠢᠯᠴᠡᠵᠦ᠂ ᠦᠷᠭᠡᠨ ᠶᠢᠡᠷ ᠰᠠᠨᠠᠯ ᠰᠠᠨᠠᠭᠤᠯᠭ᠎ᠠ ᠬᠤᠷᠢᠶᠠᠨ᠂ ᠦᠨᠡᠨᠴᠢ ᠪᠡᠷ ᠶᠠᠷᠢᠯᠴᠠᠵᠦ ᠭᠦᠨᠵᠡᠭᠡᠢ ᠬᠠᠷᠭᠤᠭᠤᠯᠤᠨ ᠪᠠᠢ᠌ᠴᠠᠭᠠᠵᠤ᠂ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠢ ᠰᠠᠢ᠌ᠳ᠋ᠤᠷ ᠬᠤᠷᠠᠯᠳ᠋ᠤᠭᠤᠯᠬᠤ ᠳᠤ ᠭᠦᠢᠴᠡᠳ ᠪᠡᠯᠡᠳᠭᠡᠯ ᠬᠢᠪᠡ᠃

         
         ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠲᠡᠭᠡᠷ᠎ᠠ ᠵᠢᠯ ᠦᠨ ᠨᠠᠮ ᠤᠨ ᠲᠠᠤᠭᠡ ᠶᠢᠨ ᠰᠤᠷᠤᠯᠴᠠᠯᠭ᠎ᠠ ᠬᠦᠮᠤᠵᠢᠯ ᠤᠨ ᠲᠤᠰᠬᠠᠢ ᠰᠡᠳ᠋ᠤᠪᠳ᠋ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠲᠡᠭᠡᠷ᠎ᠠ ᠢᠯᠡᠷᠡᠭᠦᠯᠦᠭ᠍ᠰᠡᠨ ᠠᠰᠠᠭᠤᠳ᠋ᠠᠯ ᠢ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠤᠨ ᠮᠡᠳ᠋ᠡᠭᠦᠯᠦᠯᠳ᠋ᠡ ᠶᠢ ᠨᠡᠪᠳ᠋ᠡᠷᠡᠭᠡᠪᠡ᠃ ᠡᠤ ᠴᠢᠩ ᠬᠠᠢ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠵᠤ᠂ ᠤᠷᠤᠰᠢᠵᠤ ᠪᠠᠢ᠌ᠭ᠎ᠠ ᠭᠤᠤᠯ ᠠᠰᠠᠭᠤᠳ᠋ᠠᠯ᠂ ᠠᠰᠠᠭᠤᠳ᠋ᠠᠯ ᠡᠬᠦᠰᠦᠭ᠍ᠰᠨᠨ ᠰᠢᠯᠳ᠋ᠠᠭᠠᠨ ᠢ ᠵᠠᠳ᠋ᠠᠯᠤᠨ᠂ ᠴᠡᠭ᠍ᠴᠡᠯᠡᠨ ᠵᠠᠰᠠᠬᠤ ᠠᠷᠭ᠎ᠠ ᠠᠪᠴᠠᠯ ᠲᠤᠷᠠᠳᠪᠠ᠃ ᠲᠠᠷᠠᠭ᠎ᠠ ᠨᠢ᠂ ᠡᠤ ᠴᠢᠩ ᠬᠠᠢ ᠲᠦ᠋ᠷᠤᠬᠦᠯᠡᠨ ᠬᠤᠪᠢ ᠬᠦᠮᠤᠨ ᠤ ᠬᠠᠷᠭᠤᠭᠤᠯᠤᠭᠰᠨᠨ ᠪᠠᠢ᠌ᠴᠠᠭᠠᠯᠳ᠋ᠠ ᠬᠢᠵᠤ᠂ ᠪᠠᠭ ᠤᠨ ᠪᠦᠷᠢᠯᠳ᠋ᠤᠬᠦᠨ ᠤ ᠰᠢᠬᠦᠮᠵᠢᠯᠡᠯ ᠢ ᠬᠦᠯᠢᠶᠠᠨ ᠠᠪᠤᠪᠠ᠃ ᠨᠠᠮ ᠤᠨ ᠤᠳ᠋ᠤᠷᠢᠳᠬᠤ ᠲᠤᠭᠤᠢ᠌ᠯᠠᠩ ᠤᠨ ᠪᠤᠰᠤᠤᠨ ᠪᠦᠷᠢᠯᠳ᠋ᠤᠬᠦᠨ ᠭᠡᠰᠢᠬᠦᠨ ᠲᠠᠷᠠᠭᠠᠯᠠᠨ ᠬᠤᠪᠢ ᠪᠠᠶ᠎ᠠ ᠶᠢᠨ ᠪᠠᠢ᠌ᠴᠠᠭᠠᠨ ᠵᠠᠳ᠋ᠠᠯᠤᠯᠳ᠋ᠠ ᠬᠢᠵᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠦᠷᠨᠢᠬᠦᠯᠪᠡ᠃

         
      ᠬᠢᠨᠠᠨ ᠵᠢᠯᠤᠭᠤᠳᠬᠤ ᠲᠤᠭᠤᠢ᠌ᠯᠠᠩ ᠲᠤᠰ ᠤᠳ᠋ᠠᠭ᠎ᠠ ᠶᠢᠨ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠳᠤ ᠦᠨᠡᠯᠡᠯᠳ᠋ᠡ ᠬᠢᠭ᠍ᠰᠡᠨ ᠪᠦᠭᠡᠳ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭ᠋ᠠᠳᠬᠠᠵᠦ᠂ ᠬᠠᠮᠢᠶ᠎ᠠ ᠪᠦᠬᠦᠢ ᠠᠵᠢᠯ ᠢ ᠯᠠᠪᠳ᠋ᠠᠭᠤᠨ ᠪᠠᠳ᠋ᠤᠲᠠᠢ ᠰᠠᠢ᠌ᠳ᠋ᠤᠷ ᠬᠢᠬᠦ ᠲᠠᠯ᠎ᠠ ᠪᠠᠷ ᠰᠠᠨᠠᠯ ᠲᠤᠷᠠᠳᠪᠠ᠃

    ᠡᠤ ᠴᠢᠩ ᠬᠠᠢ ᠳ᠋ᠦ᠋ᠩᠨᠡᠯᠳ᠋ᠠ ᠶᠢᠨ ᠶᠠᠷᠢᠶᠠᠨ ᠳᠠᠭᠠᠨ᠂ ᠤᠯᠤᠰ ᠲᠥᠷᠥ ᠶᠢᠨ ᠵᠤᠭᠰᠤᠴᠠ ᠪᠠᠨ ᠲᠡᠭᠡᠭ᠍ᠰᠢᠯᠡᠭᠦᠯᠦᠨ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠡᠵᠡᠮᠰᠢᠵᠦ ᠨᠠᠢ᠌ᠳ᠋ᠠᠪᠤᠷᠢᠵᠢᠭᠤᠯᠬᠤ ᠬᠡᠷᠡᠭ᠍ᠲᠡᠢ᠃ ᠤᠨᠤᠯ ᠶᠢᠡᠷ ᠵᠡᠪᠰᠡᠭᠯᠡᠬᠦ ᠶᠢ ᠭᠦᠨᠵᠡᠭᠡᠢ᠌ᠷᠡᠭᠦᠯᠵᠦ᠂ ᠪᠦᠬᠦ ᠲᠠᠯ᠎ᠠ ᠪᠠᠷ᠂ ᠭᠦᠨ ᠲᠠᠪᠬᠤᠷᠭ᠎ᠠ ᠡᠴᠡ ᠰᠤᠷᠤᠯᠴᠠᠵᠤ ᠰᠤᠳ᠋ᠤᠯᠤᠨ ᠶᠠᠷᠢᠯᠴᠠᠬᠤ ᠶᠢ ᠦᠷᠨᠢᠭᠦᠯᠬᠦ ᠬᠡᠷᠡᠭ᠍ᠲᠡᠢ᠃ ᠬᠠᠷᠢᠭᠤᠴᠠᠯᠭ᠎ᠠ ᠡᠭᠦᠷᠭᠡᠯᠡᠨ ᠵᠢᠳᠭᠥᠯ ᠴᠢᠷᠮᠠᠢ᠌ᠯᠭ᠎ᠠ ᠭᠠᠷᠭᠠᠬᠤ ᠶᠢ ᠴᠢᠩᠭ᠋ᠠᠳᠬᠠᠵᠤ᠂ ᠪᠦᠬᠦ ᠬᠣᠰᠢᠭᠤᠨ ᠤ ᠠᠵᠢᠯ ᠤᠨ ᠶᠡᠬᠡ ᠲᠠᠯ᠎ᠠ ᠶᠢᠨ ᠲᠤᠭᠤᠷᠢᠨ ᠳᠤ᠂ ᠪᠦᠬᠦ ᠬᠣᠰᠢᠭᠤᠨ ᠤ ᠠᠵᠤ ᠠᠬᠤᠢ ᠨᠡᠢ᠌ᠭᠡᠮ ᠦᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠬᠡᠷᠡᠭ᠍ᠲᠡᠢ᠃ ᠲᠤᠰ ᠤᠳ᠋ᠠᠭ᠎ᠠ ᠶᠢᠨ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠤᠨ ᠤᠶᠤᠨ ᠰᠠᠨᠠᠭᠠᠨ ᠤ ᠬᠦᠴᠦᠨ ᠢ ᠨᠠᠮᠴᠢ ᠴᠢᠨᠠᠷ ᠤᠨ ᠪᠣᠯᠪᠠᠰᠤᠷᠠᠯ ᠢ ᠴᠢᠩᠭ᠋ᠠᠳᠬᠠᠬᠤ ᠬᠦᠴᠦᠷᠬᠡᠭ᠌ ᠶᠡᠬᠡ ᠬᠦᠳ᠋ᠡᠯᠭᠡᠬᠦ ᠬᠦᠴᠦᠨ ᠪᠤᠯᠤᠨ ᠠᠵᠢᠯ ᠶᠢᠡᠨ ᠠᠬᠢᠭᠤᠯᠬᠤ ᠤᠬᠠᠮᠰᠡᠷᠳ᠋ᠦ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠣᠷᠲᠠᠯ ᠴᠢᠭᠡᠴᠢ ᠤᠪᠣᠷ ᠲᠥᠪ ᠠᠵᠢᠯ ᠦᠢᠯᠡᠰ ᠪᠣᠰᠬᠠᠬᠤ ᠣᠷᠴᠢᠨ ᠲᠤᠭᠤᠷᠢᠨ ᠢ ᠴᠢᠷᠮᠠᠢ᠌ᠨ ᠪᠣᠢ ᠪᠣᠯᠭᠠᠬᠤ ᠬᠡᠷᠡᠭ᠍ᠲᠡᠢ ᠭᠡᠪᠡ᠃ (ᠨᠠᠢ᠌ᠷᠠᠭᠤᠯᠤᠭᠴᠢ᠄ ᠯᠸᠢ ᠫᠠᠩ)

ᠡᠮᠦᠨᠡᠬᠢ᠄ ᠰᠢᠯᠤᠭᠤᠨ ᠬᠥᠬᠡ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠲᠤᠭᠤᠷᠢᠨ ᠪᠠᠢ᠌ᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠯᠳ᠋ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ