ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ
2 ᠰᠠᠷ᠎ᠠ ᠶᠢᠨ 20 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠵᠤ᠂ ᠬᠤᠰᠢᠭᠤᠨ ᠤ ᠬᠤᠶᠠᠳ᠋ᠤᠭᠠᠷ ᠬᠢᠨᠠᠨ ᠪᠠᠢ᠌ᠴᠠᠭᠠᠬᠤ ᠲᠤᠭᠤᠢ᠌ᠯᠠᠩ ᠤᠨ ᠬᠠᠮᠢᠶ᠎ᠠ ᠪᠦᠬᠦᠢ ᠨᠦ᠋ᠬᠦᠳ ᠬᠤᠷᠠᠯ ᠳ᠋ᠥ ᠤᠷᠤᠯᠴᠠᠨ ᠵᠢᠯᠤᠭᠤᠳᠪᠠ᠃

ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠲᠤᠰ ᠤᠳ᠋ᠠᠭᠠᠨ ᠤ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠢ ᠰᠠᠢ᠌ᠳ᠋ᠤᠷ ᠬᠤᠷᠠᠯᠳ᠋ᠤᠭᠤᠯᠬᠤ ᠶᠢ ᠲᠡᠭᠡᠳ᠋ᠦ ᠬᠡᠮᠵᠢᠶ᠎ᠠ ᠪᠡᠷ ᠴᠢᠬᠤᠯᠠᠴᠢᠯᠡᠨ ᠦᠵᠡᠵᠦ᠂ ᠬᠤᠷᠠᠯ ᠡᠴᠡ ᠡᠮᠦᠨ᠎ᠠ ᠭᠦᠢᠴᠡᠳ ᠪᠡᠯᠡᠳᠭᠡᠯ ᠬᠢᠵᠦ᠂ ᠤᠳ᠋ᠤᠷᠢᠳᠬᠤ ᠪᠠᠭ ᠤᠨ ᠪᠦᠷᠢᠯᠳ᠋ᠦᠭᠦᠨ ᠢ ᠵᠤᠬᠢᠶᠠᠨ ᠪᠠᠢ᠌ᠭᠤᠯᠵᠤ ᠰᠤᠳ᠋ᠤᠯᠤᠨ ᠶᠠᠷᠢᠯᠴᠠᠵᠤ᠂ ᠦᠷᠭᠡᠨ ᠶᠢᠡᠷ ᠰᠠᠨᠠᠯ ᠰᠠᠨᠠᠭᠤᠯᠭ᠎ᠠ ᠬᠤᠷᠢᠶᠠᠨ᠂ ᠦᠨᠡᠨᠴᠢ ᠪᠡᠷ ᠶᠠᠷᠢᠯᠴᠠᠵᠦ᠂ ᠬᠠᠷᠭᠤᠭᠤᠯᠤᠨ ᠪᠠᠢ᠌ᠴᠠᠭᠠᠬᠤ ᠮᠠᠲ᠋ᠸᠷᠢᠶᠠᠯ ᠢ ᠨᠠᠷᠢᠨ ᠬᠢᠨᠠᠮᠠᠭᠠᠢ ᠪᠢᠴᠢᠨ᠂ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠢ ᠰᠠᠢ᠌ᠳ᠋ᠤᠷ ᠬᠤᠷᠠᠯᠳ᠋ᠤᠭᠤᠯᠬᠤ ᠳᠤ ᠪᠠᠲᠤ ᠪᠡᠬᠢ ᠰᠠᠭᠤᠷᠢ ᠶᠢ ᠲᠠᠯᠪᠢᠪᠠ᠃
ᠬᠤᠷᠠᠯ ᠲᠠᠭᠡᠷ᠎ᠠ᠂ ᠲᠡᠭᠡᠷ᠎ᠠ ᠵᠢᠯ ᠤᠨ ᠲᠤᠰᠬᠠᠢ ᠰᠡᠳ᠋ᠦᠪᠳ᠋ᠦ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠤᠨ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠪᠤᠯᠤᠨ ᠲᠤᠰ ᠤᠳ᠋ᠠᠭᠠᠨ ᠤ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠢ᠌ᠳ᠋ᠠᠯ ᠢ ᠨᠡᠪᠳ᠋ᠡᠷᠡᠭᠡᠪᠡ᠃ ᠯᠢ ᠴᠸᠩ ᠬᠦᠸᠸ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠤᠳ᠋ᠤᠷᠢᠳᠬᠤ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠶᠢᠨ ᠮᠡᠳ᠋ᠡᠬᠦᠯᠤᠯᠳ᠋ᠠ ᠬᠢᠵᠤ᠂ ᠪᠠᠭ ᠤᠨ ᠪᠦᠷᠢᠯᠳ᠋ᠤᠬᠦᠨ ᠭᠡᠰᠢᠬᠦᠨ ᠲᠠᠷᠠᠭᠠᠯᠠᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠬᠦ ᠶᠢᠨ ᠬᠠᠮᠳ᠋ᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠬᠢᠪᠡ᠃
ᠬᠢᠨᠠᠨ ᠵᠢᠯᠤᠭᠤᠳᠬᠤ ᠲᠤᠭᠤᠢ᠌ᠯᠠᠩ ᠲᠤᠰ ᠤᠳ᠋ᠠᠭ᠎ᠠ ᠶᠢᠨ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠳᠤ ᠦᠨᠡᠯᠡᠯᠳ᠋ᠡ ᠬᠢᠭ᠍ᠰᠡᠨ ᠪᠦᠭᠡᠳ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭ᠋ᠠᠳᠬᠠᠵᠦ᠂ ᠬᠠᠮᠢᠶ᠎ᠠ ᠪᠦᠬᠦᠢ ᠠᠵᠢᠯ ᠢ ᠯᠠᠪᠳ᠋ᠠᠭᠤᠨ ᠪᠠᠳ᠋ᠤᠲᠠᠢ ᠰᠠᠢ᠌ᠳ᠋ᠤᠷ ᠬᠢᠬᠦ ᠲᠠᠯ᠎ᠠ ᠪᠠᠷ ᠰᠠᠨᠠᠯ ᠲᠤᠷᠠᠳᠪᠠ᠃
ᠯᠢ ᠴᠸᠩ ᠭᠦᠸᠸ ᠳ᠋ᠦ᠋ᠩᠨᠡᠯᠲᠡ ᠶᠢᠨ ᠶᠠᠷᠢᠶᠠᠨ ᠳᠠᠭᠠᠨ᠂ ᠲᠤᠰ ᠤᠳ᠋ᠠᠭᠠᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠨᠢ ᠲᠠᠨᠢᠯᠲᠠ ᠪᠠᠨ ᠲᠡᠭᠡᠭ᠍ᠰᠢᠯᠡᠭᠦᠯᠬᠦ᠂ ᠪᠦᠯᠬᠦᠮᠳ᠋ᠡᠯ ᠢᠶᠡᠨ ᠴᠢᠩᠭ᠋ᠠᠳᠬᠠᠬᠤ᠂ ᠠᠵᠢᠯ ᠶᠢᠡᠨ ᠠᠬᠢᠭᠤᠯᠬᠤ ᠵᠣᠷᠢᠯᠭ᠎ᠠ ᠳᠤ ᠪᠠᠨ ᠬᠦᠷᠴᠠᠢ᠃ ᠲᠠᠷᠠᠭᠠᠴᠢ ᠶᠢᠨ ᠠᠯᠬᠤᠮ ᠳᠤ᠂《ᠬᠤᠶᠠᠷ ᠢ ᠲᠤᠭᠳ᠋ᠠᠭᠠᠬᠤ》 ᠶᠢ ᠨᠡᠩ ᠡᠷᠡᠰ ᠬᠦᠷᠢᠶᠡᠯᠡᠨ᠂ 《ᠲᠦ᠋ᠷᠪᠡᠨ ᠤᠬᠠᠮᠰᠡᠷ》 ᠶᠢᠡᠨ ᠲᠠᠰᠤᠷᠠᠯᠳ᠋ᠠ ᠦᠭᠡᠶ ᠴᠢᠩᠭ᠋ᠠᠳᠬᠠᠵᠤ᠂《ᠲᠦ᠋ᠷᠪᠡᠨ ᠢᠲᠡᠭᠡᠯ》 ᠢᠶᠡᠨ ᠪᠠᠳ᠋ᠤᠳᠬᠠᠨ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭ᠍ᠲᠡᠢ᠃ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠤᠳ᠋ᠤᠬᠠᠨ ᠤ ᠪᠠ ᠬᠤᠢ᠌ᠰᠢᠳ᠋ᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠦᠬᠦ ᠲᠠᠯ᠎ᠠ ᠪᠠᠷ ᠰᠤᠷᠤᠯᠴᠠᠬᠤ᠂ ᠡᠵᠡᠮᠳ᠋ᠡᠬᠦ᠂ ᠨᠠᠢ᠌ᠳ᠋ᠠᠪᠤᠷᠢᠵᠢᠭᠤᠯᠬᠤ ᠲᠠᠯ᠎ᠠ ᠪᠠᠷ ᠬᠦᠳ᠋ᠦᠯᠦᠨ ᠲᠠᠭᠠᠭᠤᠯᠵᠤ ᠦᠯᠢᠭᠡᠷ ᠲᠠᠭᠤᠷᠢᠶᠠᠯ ᠪᠣᠯᠬᠤ ᠬᠡᠷᠡᠭ᠍ᠲᠡᠢ᠃ ᠲᠤᠰ ᠤᠳ᠋ᠠᠭᠠᠨ ᠤ ᠲᠤᠰᠬᠠᠢ ᠰᠡᠳ᠋ᠦᠪᠳ᠋ᠦ ᠠᠷᠠᠳᠴᠢᠯᠡᠯ ᠤᠨ ᠠᠮᠢᠳ᠋ᠤᠷᠠᠯ ᠤᠨ ᠬᠤᠷᠠᠯ ᠶᠢᠡᠷ ᠠᠵᠠ ᠲᠤᠬᠢᠶᠠᠯ ᠪᠣᠯᠭᠠᠨ᠂ ᠴᠡᠭ᠍ᠴᠡᠯᠡᠨ ᠵᠠᠰᠠᠵᠤ ᠨᠠᠢ᠌ᠳ᠋ᠠᠪᠤᠷᠢᠵᠢᠭᠤᠯᠬᠤ ᠶᠢ ᠡᠷᠡᠰ ᠰᠠᠢ᠌ᠳ᠋ᠤᠷ ᠠᠳᠬᠤᠵᠤ᠂ ᠨᠡᠩ ᠦᠨᠳ᠋ᠦᠷ ᠪᠡᠷᠢᠮᠵᠢᠶ᠎ᠠ ᠪᠠᠷ ᠲᠤᠰ ᠪᠡᠶ᠎ᠠ ᠶᠢᠨ ᠪᠠᠢ᠌ᠭᠤᠯᠤᠯᠳ᠋ᠠ ᠪᠠᠨ ᠴᠢᠩᠭ᠋ᠠᠳᠬᠠᠨ᠂ ᠠᠰᠠᠭᠤᠳ᠋ᠠᠯ ᠢ ᠵᠠᠰᠠᠨ ᠰᠠᠢ᠌ᠵᠢᠷᠠᠭᠤᠯᠬᠤ ᠪᠤᠳ᠋ᠠᠳ᠋ᠤ ᠦᠷ᠎ᠠ ᠪᠦᠳ᠋ᠦᠮᠵᠢ ᠪᠡᠷ ᠦᠵᠡᠯ ᠰᠠᠨᠠᠭᠠᠨ ᠤ ᠠᠬᠤᠢ ᠪᠠᠢ᠌ᠳ᠋ᠠᠯ᠂ ᠤᠯᠤᠰ ᠲᠥᠷᠥ ᠶᠢᠨ ᠤᠬᠠᠮᠰᠡᠷ᠂ ᠠᠵᠢᠯ ᠤᠨ ᠴᠢᠳ᠋ᠠᠪᠤᠷᠢ ᠶᠢᠨ ᠲᠡᠭᠡᠭ᠍ᠰᠢᠯᠡᠯᠳ᠋ᠡ ᠶᠢ ᠲᠠᠢ᠌ᠴᠢᠯᠠᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠡᠯ᠎ᠠ ᠲᠥᠷᠥᠯ ᠦᠨ ᠠᠵᠢᠯ ᠤᠨ ᠰᠢᠨ᠎ᠠ ᠪᠠᠢ᠌ᠳ᠋ᠠᠯ ᠢ ᠡᠭᠦᠳᠬᠦ ᠶᠢ ᠲᠠᠰᠤᠷᠠᠯᠳ᠋ᠠ ᠦᠭᠡᠶ ᠠᠬᠢᠭᠤᠯᠤᠨ᠎ᠠ ᠭᠡᠪᠡ᠃ (ᠯᠸᠢ ᠫᠠᠩ)