ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ᠁
ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠣᠰᠢᠭᠤᠨ ᠳᠤ ᠢᠷᠡᠵᠦ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

        2 ᠰᠠᠷ᠎ᠠ ᠶᠢᠨ 21 ᠦ ᠡᠳ᠋ᠦᠷ᠂ ᠲᠦ᠋ᠩᠯᠢᠶᠤᠤ ᠬᠣᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠴᠸᠩ ᡁᠢ ᠹᠸᠩ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠬᠤ ᠲᠤᠭᠤᠢ᠌ᠯᠠᠩ ᠢ ᠲᠠᠭᠠᠭᠤᠯᠤᠨ ᠵᠠᠷᠤᠳ ᠬᠣᠰᠢᠭᠤᠨ ᠳᠤ ᠢᠷᠡᠵᠦ 《ᠲᠦ᠋ᠩᠯᠢᠶᠤᠤ ᠬᠤᠳ᠋ᠠ ᠶᠢᠨ ᠬᠡᠪ ᠵᠠᠩᠰᠢᠯ ᠢ ᠦᠭᠡᠷᠡᠴᠢᠯᠡᠬᠦ ᠲᠥᠷᠢᠮ》 ᠤᠨ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ᠃ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠷᠢᠳ ᠬᠣᠵᠢᠳ ᠯᠦ᠋ᠪᠸᠢ ᠪᠠᠯᠭᠠᠰᠤᠨ ᠤ ᠬᠤᠶᠠᠷᠬᠤᠸᠠ ᠭᠠᠴᠠᠭ᠎ᠠ᠂ ᠳ᠋ᠣᠤ ᠽᠢ ᠪᠠ ᠲᠤᠰᠬᠤᠨ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠶᠢᠨ ᠬᠠᠮᠳ᠋ᠤ ᠰᠠᠭᠤᠳ᠋ᠠᠯ ᠤᠨ ᠬᠤᠷᠠᠯ ᠬᠤᠷᠠᠯᠳ᠋ᠤᠭᠤᠯᠤᠨ ᠡᠯ᠎ᠠ ᠡᠳ᠋ᠡᠭᠡᠳ ᠦᠨ ᠬᠢᠨ ᠦ ᠲᠥᠷᠢᠮ ᠳ᠋ᠦ ᠵᠠᠰᠠᠪᠤᠷᠢ ᠤᠷᠤᠭᠤᠯᠬᠤ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠤᠬᠠᠭᠤᠯᠬᠤ ᠬᠡᠯᠲᠡᠰ ᠦᠨ ᠲᠠᠷᠤᠭ᠎ᠠ ᠶᠣᠣ ᠼᠠᠢ ᠶᠠᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠵᠢᠴᠢ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ᠂ ᠬᠤᠳ᠋ᠠ ᠶᠢᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠷᠠᠯ ᠳᠤ ᠤᠷᠤᠯᠴᠠᠪᠠ᠃

       

        ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ ᠮᠠᠨ ᠤ ᠬᠤᠰᠢᠭᠤᠨ ᠳᠤ ᠪᠣᠯᠪᠠᠰᠤᠨ ᠪᠦᠯᠬᠦᠮᠳ᠋ᠡᠯ ᠦᠨ ᠲᠡᠯᠭᠡᠭᠦᠷ ᠢ ᠪᠠᠢ᠌ᠭᠤᠯᠬᠤ᠂ ᠰᠤᠶᠤᠯ ᠪᠣᠯᠪᠠᠰᠤᠨ ᠤᠨ ᠬᠡᠪ ᠰᠤᠷᠳ᠋ᠠᠯ ᠢ ᠪᠣᠢ ᠪᠣᠯᠭᠠᠵᠤ᠂ ᠨᠡᠢ᠌ᠭᠡᠮ ᠦᠨ ᠰᠢᠨ᠎ᠠ ᠰᠤᠷᠳ᠋ᠠᠯ ᠢ ᠪᠠᠳ᠋ᠠᠷᠠᠭᠤᠯᠤᠨ᠂ ᠪᠣᠯᠪᠠᠰᠤᠨ ᠬᠡᠪ ᠰᠤᠷᠳ᠋ᠠᠯ ᠢ ᠤᠯᠠᠮᠵᠢᠯᠠᠵᠤ᠂ ᠬᠡᠪ ᠵᠠᠩᠰᠢᠯ ᠦᠨ ᠰᠠᠢ᠌ᠨ ᠰᠠᠢ᠌ᠬᠠᠨ ᠲᠤᠷᠰᠢᠯᠭ᠎ᠠ ᠶᠢ ᠭᠦᠢᠴᠡᠳ ᠨᠤᠳ᠋ᠠᠯᠠᠪᠠ᠃

        

        ᠬᠠᠦᠯᠢ ᠲᠤᠭᠳ᠋ᠠᠭᠠᠬᠤ ᠡᠭᠦᠷᠭᠡ ᠶᠢ ᠴᠢᠨᠠᠷᠯᠢᠭ ᠥᠨᠳ᠋ᠦᠷ ᠪᠦᠳ᠋ᠦᠮᠵᠢᠳ᠋ᠠᠢ ᠰᠠᠢ᠌ᠳ᠋ᠤᠷ ᠬᠢᠬᠦ ᠶᠢᠨ ᠲᠥᠯᠥᠭᠡ᠂ ᠴᠸᠩ ᡁᠢ ᠹᠸᠩ ᠡᠴᠡ ᠭᠤᠷᠪᠠᠨ ᠲᠠᠯ᠎ᠠ ᠶᠢᠨ ᠰᠠᠨᠠᠯ ᠲᠤᠷᠠᠳᠪᠠ᠂ ᠨᠢᠭᠡ ᠳ᠋ᠦ᠂ ᠰᠢ ᠵᠢᠨ ᠫᠢᠩ ᠦᠨ ᠬᠠᠦᠯᠢ ᠪᠠᠷ ᠵᠠᠰᠠᠬᠤ ᠦᠵᠡᠯ ᠰᠠᠨᠠᠭ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠠᠨᠢᠯᠲᠠ ᠪᠠᠨ ᠲᠡᠭᠡᠭ᠍ᠰᠢᠯᠡᠭᠦᠯᠵᠦ᠂ ᠤᠯᠤᠰ ᠲᠥᠷᠥ ᠶᠢᠨ ᠵᠤᠭᠰᠤᠴᠠ ᠪᠠᠨ ᠴᠢᠩᠭ᠋ᠠᠳᠬᠠᠨ᠂ 《ᠲᠦ᠋ᠩᠯᠢᠶᠤᠤ ᠬᠤᠳ᠋ᠠ ᠶᠢᠨ ᠬᠡᠪ ᠵᠠᠩᠰᠢᠯ ᠢ ᠦᠭᠡᠷᠡᠴᠢᠯᠡᠬᠦ ᠲᠥᠷᠢᠮ》 ᠤᠨ ᠬᠠᠦᠯᠢ ᠲᠤᠭᠳ᠋ᠠᠭᠠᠬᠤ ᠠᠵᠢᠯ ᠢ ᠲᠡᠭᠡᠳ᠋ᠦ ᠬᠡᠮᠵᠢᠶ᠎ᠠ ᠪᠡᠷ ᠬᠠᠷᠢᠭᠤᠴᠠᠨ ᠰᠠᠢ᠌ᠳ᠋ᠤᠷ ᠬᠢᠬᠦ ᠬᠡᠷᠡᠭ᠍ᠳ᠋ᠡᠢ᠃ ᠬᠤᠶᠠᠷ ᠲᠤ᠂ ᠠᠰᠠᠭᠤᠳ᠋ᠠᠯ ᠤᠨ ᠤᠬᠠᠮᠰᠡᠷ ᠶᠢᠡᠨ ᠴᠢᠩᠭ᠋ᠠᠳᠬᠠᠨ᠂ ᠤᠷᠤᠰᠢᠵᠤ ᠪᠠᠢ᠌ᠭ᠎ᠠ ᠠᠰᠠᠭᠤᠳ᠋ᠠᠯ ᠢ ᠤᠨᠤᠪᠴᠢᠳ᠋ᠠᠢ ᠡᠷᠢᠵᠦ᠂ ᠠᠰᠠᠭᠤᠳ᠋ᠠᠯ ᠳ᠋ᠤᠨᠢ ᠲᠤᠬᠢᠷᠠᠭᠤᠯᠤᠨ ᠠᠷᠭ᠎ᠠ ᠪᠣᠳ᠋ᠤᠯᠭ᠎ᠠ ᠬᠡᠷᠡᠭ᠍ᠵᠢᠭᠦᠯᠦᠨ᠂ ᠲᠦ᠋ᠩᠯᠢᠶᠤᠤ ᠶᠢᠨ ᠤᠨᠴᠠᠯᠢᠭ ᠢ ᠢᠯᠡᠷᠡᠭᠦᠯᠵᠦ᠂ ᠬᠠᠦᠯᠢ ᠲᠤᠭᠳ᠋ᠠᠭᠠᠬᠤ ᠶᠠᠰᠦ ᠴᠢᠨᠠᠷ ᠢ ᠪᠠᠳ᠋ᠤᠯᠠᠬᠤ ᠳᠤ ᠰᠠᠭᠤᠷᠢ ᠬᠠᠩᠭ᠋ᠠᠬᠤ ᠬᠡᠷᠡᠭ᠍ᠳ᠋ᠡᠢ᠃ ᠭᠤᠷᠪᠠ ᠳᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠡᠯ ᠤᠨ ᠴᠢᠬᠤᠯᠠ ᠶᠡᠬᠡ ᠤᠢ᠌ᠯᠠᠭᠠᠭᠳ᠋ᠠᠬᠤᠨ ᠢ ᠲᠤᠭᠤᠰᠢᠯᠠᠭᠤᠯᠤᠨ᠂ ᠨᠡᠢ᠌ᠭᠡᠮ ᠦᠨ ᠡᠯ᠎ᠠ ᠲᠠᠯ᠎ᠠ ᠶᠢᠨ ᠬᠦᠴᠦᠨ ᠢ ᠥᠷᠭᠡᠨ ᠶᠢᠡᠷ ᠲᠠᠢ᠌ᠴᠢᠯᠡᠨ ᠬᠠᠦᠯᠢ ᠲᠤᠭᠳ᠋ᠠᠭᠠᠬᠤ ᠳᠤ ᠡᠮᠬᠢ ᠵᠢᠷᠤᠮ ᠲᠡᠶ ᠤᠷᠤᠯᠴᠠᠭᠤᠯᠵᠤ᠂ ᠬᠠᠦᠯᠢ ᠲᠤᠭᠳ᠋ᠠᠭᠠᠬᠤ ᠶᠠᠰᠤ ᠴᠢᠨᠠᠷ ᠪᠠ ᠬᠠᠦᠯᠢ ᠲᠤᠭᠳ᠋ᠠᠭᠠᠬᠤ ᠦᠢᠯᠡᠳ᠋ᠦᠯ ᠢ ᠦᠨᠡᠨᠬᠦ ᠲᠡᠭᠡᠭ᠍ᠰᠢᠯᠡᠭᠦᠯᠦᠨ᠂ ᠤᠳ᠋ᠤᠬᠢᠴᠢᠯᠠᠭᠰᠠᠨ ᠲᠦ᠋ᠩᠯᠢᠶᠤᠤ ᠶᠢ ᠪᠦᠳ᠋ᠦᠭᠡᠨ ᠪᠠᠢ᠌ᠭᠤᠯᠬᠤ᠂ ᠮᠠᠨ ᠤ ᠬᠤᠳ᠋ᠠ ᠶᠢᠨ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠳᠤ ᠦᠵᠡᠭᠦᠯᠪᠡᠰᠦ ᠵᠤᠬᠢᠬᠤ ᠬᠤᠪᠢ ᠨᠡᠮᠡᠷᠢ ᠪᠡᠨ ᠦᠵᠡᠭᠦᠯᠬᠦ ᠬᠡᠷᠡᠭ᠍ᠳ᠋ᠡᠢ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ ᠶᠢᠨ ᠠᠵᠢᠯ ᠤᠨ ᠬᠤᠷᠠᠯ ᠬᠤᠷᠠᠯᠳ᠋ᠤᠭᠤᠯᠪᠠ