ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ ᠶᠢᠨ ᠠᠵᠢᠯ ᠤᠨ ᠬᠤᠷᠠᠯ ᠬᠤᠷᠠᠯᠳ᠋ᠤᠭᠤᠯᠪᠠ

       
        2 ᠰᠠᠷ᠎ᠠ ᠶᠢᠨ 23 ᠦ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ ᠶᠢᠨ ᠠᠵᠢᠯ ᠤᠨ ᠬᠤᠷᠠᠯ ᠬᠤᠷᠠᠯᠳ᠋ᠤᠭᠤᠯᠪᠠ᠃ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠡᠷᠬᠢᠯᠡᠭ᠍ᠴᠢ ᠡᠦ ᠴᠢᠩ ᠬᠠᠢ ᠬᠤᠷᠠᠯ ᠡᠷᠬᠢᠯᠡᠵᠦ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠪᠤᠯᠤᠨ ᠪᠠᠢ᠌ᠩᠭ᠋ᠤ ᠶᠢᠨ ᠬᠤᠷᠢᠶᠠᠨ ᠤ ᠨᠠᠷᠢᠨ ᠪᠢᠴᠢᠭ᠌ ᠦᠨ ᠲᠠᠷᠤᠭ᠎ᠠ ᠯᠢ ᠴᠸᠩ ᠭᠦᠸᠸ ᠬᠤᠷᠠᠯ ᠳᠤ ᠰᠠᠭᠠᠲᠠᠪᠠ᠃ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠡᠯ᠎ᠠ ᠠᠵᠢᠯ ᠤᠨ ᠵᠦ᠋ᠪᠯᠡᠯ ᠦᠨ ᠡᠷᠬᠢᠯᠡᠭ᠍ᠴᠢ ᠪᠤᠯᠤᠨ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ᠂ ᠯᠦ᠋ᠪᠸᠢ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

        
        ᠬᠤᠷᠠᠯ ᠲᠡᠭᠡᠷ᠎ᠠ᠂ ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ᠂ ᠯᠦ᠋ᠪᠸᠢ ᠵᠡᠭᠡᠯᠢ ᠭᠤᠳ᠋ᠤᠮᠵᠢ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠡᠴᠡ 2022 ᠣᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠦᠷᠨᠢᠭᠦᠯᠦᠭ᠍ᠰᠡᠨ ᠪᠠᠢ᠌ᠳ᠋ᠠᠯ ᠪᠠ 2023 ᠣᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠦ᠋ᠯᠦᠪᠯᠡᠭᠡ ᠶᠢᠨ ᠲᠤᠬᠠᠢ ᠬᠠᠷᠢᠭᠤ ᠮᠡᠳ᠋ᠡᠭᠦᠯᠪᠡ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠠᠯᠪᠠᠨ ᠭᠡᠷ᠂ ᠡᠯ᠎ᠠ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠠᠵᠢᠯ ᠤᠨ ᠠᠭᠤᠯᠭ᠎ᠠ ᠶᠢᠨ ᠲᠤᠭᠤᠷᠢᠨ ᠳᠤ 2022 ᠣᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠦᠷ᠎ᠠ ᠪᠦᠳ᠋ᠦᠮᠵᠢ ᠪᠠ 2023 ᠣᠨ ᠤ ᠠᠵᠢᠯ ᠤᠨ ᠲᠦ᠋ᠯᠦᠪᠯᠡᠭᠡ ᠶᠢᠨ ᠲᠤᠬᠠᠢ ᠰᠠᠨᠠᠯ ᠶᠢᠡᠨ ᠰᠤᠯᠢᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠲᠡᠳ᠋ ᠡᠷᠬᠢᠯᠡᠭ᠍ᠴᠢ ᠡᠴᠡ ᠠᠷᠠᠳ ᠤᠨ ᠲᠦ᠋ᠯᠦᠭᠡᠯᠡᠭ᠍ᠴᠢᠳ ᠢ ᠪᠤᠯᠪᠠᠰᠤᠷᠠᠭᠤᠯᠵᠤ ᠪᠠᠢ᠌ᠴᠠᠭᠠᠬᠤ᠂ ᠠᠷᠠᠳ ᠤᠨ ᠲᠦ᠋ᠯᠦᠭᠡᠯᠡᠭ᠍ᠴᠢᠳ ᠦᠨ ᠰᠠᠨᠠᠭᠤᠯᠭ᠎ᠠ ᠶᠢ ᠴᠤᠭᠯᠠᠭᠤᠯᠤᠨ ᠰᠢ᠌ᠳᠪᠦᠷᠢᠯᠡᠬᠦ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠴᠢᠯᠡᠭᠡ᠂ ᠬᠢᠨᠠᠨ ᠬᠠᠮᠢᠶᠠᠷᠤᠯᠳ᠋ᠠ᠂ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ᠂ ᠠᠷᠠᠳ ᠤᠨ ᠠᠮᠢᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠵᠡᠷᠭᠡ ᠬᠠᠮᠢᠶ᠎ᠠ ᠪᠦᠬᠦᠢ ᠠᠵᠢᠯ ᠳᠤ ᠲᠤᠬᠢᠷᠠᠭᠤᠯᠤᠯᠳ᠋ᠠ ᠪᠠ ᠪᠠᠢ᠌ᠷᠢᠯᠠᠭᠤᠯᠤᠯᠳ᠋ᠠ ᠬᠢᠪᠡ᠃ 

        
        ᠡᠦ ᠴᠢᠩ ᠬᠠᠢ ᠡᠴᠡ᠂ ᠬᠡᠷᠬᠢᠨ ᠠᠵᠢᠯ ᠤᠨ ᠰᠤᠷᠳ᠋ᠠᠯ ᠶᠢᠡᠨ ᠤᠯᠠᠮ ᠨᠢᠭᠡ ᠠᠯᠬᠤᠮ ᠰᠠᠢ᠌ᠵᠢᠷᠠᠭᠤᠯᠬᠤ᠂ ᠨᠠᠢ᠌ᠳ᠋ᠠᠪᠤᠷᠢᠵᠢᠭᠤᠯᠤᠯᠳ᠋ᠠ ᠶᠢ ᠴᠢᠩᠭ᠎ᠠ ᠠᠳᠬᠤᠬᠤ᠂ ᠰᠢᠨ᠎ᠠ ᠶᠢ ᠡᠭᠦᠳ᠋ᠦᠨ ᠰᠢᠨ᠎ᠠ ᠴᠠᠭ ᠥᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠰᠠᠢ᠌ᠳ᠋ᠤᠷ ᠬᠢᠬᠦ ᠲᠠᠯ᠎ᠠ ᠪᠠᠷ᠂ ᠲᠦ᠋ᠯᠦᠭᠡᠯᠡᠭ᠍ᠴᠢᠳ ᠦᠨ ᠲᠠᠪᠴᠠᠩ ᠤᠨ ᠪᠦᠳ᠋ᠦᠭᠡᠨ ᠪᠠᠢ᠌ᠭᠤᠯᠤᠯᠳ᠋ᠠ ᠪᠠᠨ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠪᠠ ᠬᠠᠷᠢᠯᠴᠠᠬᠤ ᠲᠠᠰᠤᠭ ᠤᠨ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠵᠤ᠂ ᠤᠷᠤᠨ ᠨᠤᠲᠤᠭ ᠤᠨ ᠤᠨᠴᠠᠯᠢᠭ ᠢ ᠲᠤᠪᠤᠢ᠌ᠯᠭᠠᠨ᠂ ᠰᠤᠷᠤᠯᠴᠠᠯᠭ᠎ᠠ ᠪᠤᠯᠪᠠᠰᠤᠷᠠᠯ ᠪᠠ ᠠᠵᠢᠯ ᠤᠨ ᠰᠤᠯᠢᠯᠴᠠᠭ᠎ᠠ ᠶᠢ ᠴᠢᠩᠭ᠋ᠠᠳᠬᠠᠵᠤ᠂ ᠠᠷᠠᠳ ᠤᠨ ᠲᠦ᠋ᠯᠦᠭᠡᠯᠡᠭ᠍ᠴᠢ ᠶᠢᠨ ᠪᠡᠶᠡᠴᠢ ᠴᠢᠳ᠋ᠠᠮᠠᠭᠠᠢ ᠴᠢᠨᠠᠷ ᠢ ᠰᠠᠢ᠌ᠳ᠋ᠤᠷ ᠪᠠᠳ᠋ᠠᠷᠠᠭᠤᠯᠤᠨ᠂ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠲᠡᠷᠢᠭᠦᠨ ᠦ ᠨᠡᠢ᠌ᠳ᠋ᠡᠯᠢᠭ᠌ ᠵᠢᠱᠢᠶᠡᠴᠢ ᠶᠢ ᠳ᠋ᠦ᠋ᠩᠨᠡᠨ ᠪᠤᠯᠪᠠᠰᠤᠷᠠᠭᠤᠯᠬᠤ ᠪᠠ ᠤᠬᠠᠭᠤᠯᠤᠨ᠂ ᠲᠥᠯᠦᠭᠡᠯᠡᠭ᠍ᠴᠢᠳ ᠦᠨ ᠬᠤᠰᠢᠭᠤᠴᠢ ᠵᠢᠱᠢᠶᠡᠴᠢ ᠦᠢᠯᠡᠳ᠋ᠦᠯ ᠢ ᠭᠦᠢᠴᠡᠳ ᠲᠠᠢ᠌ᠴᠢᠯᠠᠵᠤ᠂ ᠠᠷᠠᠳ ᠤᠨ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠠ ᠬᠢᠷᠢ ᠲᠥᠪᠰᠢᠨ ᠢ ᠲᠡᠭᠡᠭ᠍ᠰᠢᠯᠡᠭᠦᠯᠦᠨ᠂ ᠦᠨᠳ᠋ᠦᠰᠦᠨ ᠱᠠᠳ᠋ᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠠᠵᠢᠯ ᠨᠢ ᠴᠠᠭ ᠥᠶ᠎ᠠ ᠶᠢ ᠲᠠᠭᠠᠨ ᠪᠦᠬᠦ ᠲᠠᠯ᠎ᠠ ᠪᠡᠷ ᠤᠷᠤᠭᠰᠢᠯᠠᠬᠤ᠂ ᠰᠢᠨ᠎ᠠ ᠶᠢ ᠡᠭᠦᠳᠴᠦ ᠰᠢᠪᠳ᠋ᠤᠯᠤᠯᠳ᠋ᠠ ᠭᠠᠷᠭᠠᠬᠤ ᠲᠡᠶ ᠤᠶᠠᠯᠳ᠋ᠤᠭᠤᠯᠤᠨ᠂ ᠬᠠᠭᠤᠴᠢᠨ ᠠᠷᠭ᠎ᠠ ᠵᠠᠮ ᠪᠠ ᠰᠡᠳᠭᠢᠴᠡ ᠶᠢ ᠡᠪᠳ᠋ᠡᠵᠦ᠂ ᠰᠠᠨᠠᠭᠠᠴᠢᠯᠠᠭ᠎ᠠ ᠡᠴᠡ ᠪᠠᠨ ᠠᠷᠭ᠎ᠠ ᠰᠦ᠋ᠪᠡᠭ᠍ᠴᠢᠯᠡᠨ᠂ ᠨᠠᠷᠢᠨ ᠬᠢᠨᠠᠮᠠᠭᠠᠢ ᠰᠤᠳ᠋ᠤᠯᠵᠤ᠂ ᠰᠡᠳᠭᠢᠴᠡ ᠪᠡᠨ ᠦᠷᠭᠡᠳᠭᠡᠨ᠂ ᠰᠢᠨ᠎ᠠ ᠴᠠᠭ ᠥᠶ᠎ᠠ ᠶᠢᠨ ᠤᠷᠤᠨ ᠨᠤᠲᠤᠭ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠪᠦᠳ᠋ᠦᠭᠡᠯᠴᠢ ᠪᠡᠷ ᠠᠬᠢᠭᠤᠯᠤᠨ ᠰᠠᠢ᠌ᠳ᠋ᠤᠷ ᠬᠢᠬᠦ ᠬᠡᠷᠡᠭ᠍ᠳ᠋ᠡᠢ ᠭᠡᠪᠡ᠃

        


       
        ᠬᠤᠷᠠᠯ ᠡᠴᠡ ᠪᠠᠰᠠ《ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠪᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠡᠷᠡᠭ᠍ᠵᠢᠭᠦᠯᠬᠦ ᠲᠥᠰᠥᠯ》 ᠢ ᠨᠡᠢ᠌ᠳ᠋ᠡᠯᠡᠨ ᠪᠠᠳ᠋ᠤᠯᠠᠭᠰᠠᠨ ᠪᠦᠭᠡᠳ ᠤᠳ᠋ᠤᠬᠠᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠮᠡᠳ᠋ᠡᠭᠡ ᠵᠠᠩᠭᠢ ᠪᠠ ᠪᠠᠢ᠌ᠴᠠᠭᠠᠨ ᠰᠤᠳ᠋ᠤᠯᠤᠯᠳ᠋ᠠ ᠶᠢᠨ ᠠᠵᠢᠯ ᠢ ᠨᠠᠷᠢᠨ ᠬᠢᠨᠠᠮᠠᠭᠠᠢ ᠰᠠᠢ᠌ᠳ᠋ᠤᠷ ᠬᠢᠬᠦ ᠳ᠋ᠦ ᠪᠤᠳ᠋ᠠᠳ᠋ᠠᠢ ᠱᠠᠭᠠᠷᠳ᠋ᠠᠯᠭ᠎ᠠ ᠲᠤᠷᠠᠳ᠋ᠤᠭᠰᠠᠨ ᠪᠠᠢ᠌ᠨ᠎ᠠ᠃ (ᠯᠸᠢ ᠫᠠᠩ)

ᠡᠮᠦᠨᠡᠬᠢ᠄ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠬᠤ ᠲᠤᠭᠤᠢ᠌ᠯᠠᠩ ᠵᠠᠷᠤᠳ ᠬᠣᠰᠢᠭᠤᠨ ᠳᠤ ᠢᠷᠡᠵᠦ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ
ᠳᠠᠷᠠᠭᠠᠬᠢ᠄ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠡᠨ ᠤ ᠡᠷᠬᠢᠯᠡᠭ᠍ᠴᠢ ᠡᠦ ᠴᠢᠩ ᠬᠠᠢ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠶᠢ ᠰᠤᠷᠪᠤᠯᠵᠢᠯᠡᠨ ᠬᠠᠷᠢᠯᠴᠡᠪᠡ