ᠭᠠᠬᠠᠢ᠌ᠳ᠋ᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠬᠤᠳ᠋ᠠ ᠬᠦᠳ᠋ᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠳ᠋ᠦ ᠬᠦᠴᠦᠨ ᠨᠡᠮᠡᠷᠢᠯᠡᠵᠦ ᠪᠠᠢ᠌ᠭ᠎ᠠ


ᠪᠦᠬᠦ ᠪᠠᠯᠭᠠᠰᠤᠨ ᠤ ᠡᠮ ᠡᠮᠨᠡᠯᠭᠡ ᠶᠢᠨ ᠲᠠᠭᠠᠳᠬᠠᠯ ᠤᠨ ᠰᠦ᠋ᠢᠳᠭᠡᠯ ᠲᠤᠰᠢᠶᠠᠬᠤ ᠠᠬᠢᠴᠡ ᠶᠢ ᠤᠯᠠᠮ ᠨᠢᠭᠡ ᠠᠯᠬᠤᠮ ᠲᠦ᠋ᠷᠭᠡᠳᠭᠡᠨ᠂ ᠡᠮ ᠡᠮᠨᠡᠯᠭᠡ ᠶᠢᠨ ᠲᠠᠭᠠᠳᠬᠠᠯ ᠤᠨ ᠲᠠᠷᠢᠶᠠᠴᠢᠳ ᠲᠤ ᠠᠰᠢᠭ ᠬᠦᠷᠳ᠋ᠡᠭᠡᠬᠦ ᠰᠠᠭᠤᠷᠢ ᠶᠢ ᠪᠡᠬᠢᠵᠢᠭᠦᠯᠬᠦ ᠶᠢᠨ ᠲᠥᠯᠥᠭᠡ᠂ ᠤᠢ᠌ᠷ᠎ᠠ ᠶᠢᠨ ᠡᠳ᠋ᠦᠷ᠂ ᠭᠠᠬᠠᠢ᠌ᠳ᠋ᠤ ᠪᠠᠯᠭᠠᠰᠤᠨ ᠤ ᠨᠠᠮ ᠵᠠᠰᠠᠭ ᠤᠨ ᠤᠳ᠋ᠤᠷᠢᠳᠬᠤ ᠪᠠᠭ᠂ ᠬᠤᠶᠠᠷ ᠱᠠᠳ᠋ᠤᠨ ᠤ ᠠᠷᠠᠳ ᠤᠨ ᠲᠥᠯᠥᠭᠡᠯᠡᠭ᠍ᠴᠢᠳ ᠭᠠᠴᠠᠭ᠎ᠠ ᠲᠤᠰᠬᠤᠨ ᠳᠤ ᠭᠦᠨᠵᠡᠭᠡᠢ᠌ᠷᠡᠵᠦ᠂ ᠬᠤᠳ᠋ᠠ ᠬᠦᠳ᠋ᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠳᠤ ᠬᠦᠴᠦᠨ ᠨᠡᠮᠡᠷᠢᠯᠡᠪᠡ᠃ (ᠯᠸᠢ ᠫᠠᠩ)