ᠵᠠᠷᠤᠳ ᠬᠤᠰᠢᠭᠤᠨ ᠤ ᠠᠷᠠᠳ ᠤᠨ ᠲᠦ᠋ᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 2023 ᠣᠨ ᠤ ᠠᠷᠠᠳ ᠤᠨ ᠲᠥᠯᠦᠭᠡᠯᠡᠭ᠍ᠴᠢᠳ ᠦᠨ ᠰᠠᠨᠠᠭᠤᠯᠭ᠎ᠠ ᠶᠢ ᠲᠤᠰᠢᠶᠠᠨ ᠰᠢ᠌ᠳᠪᠦᠷᠢᠯᠡᠬᠦ ᠬᠤᠷᠠᠯ ᠬᠤᠷᠠᠯᠳ᠋ᠤᠭᠤᠯᠪᠠ
3 ᠰᠠᠷ᠎ᠠ ᠶᠢᠨ 2 ᠦ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ 2023 ᠣᠨ ᠤ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠬᠤᠶᠠᠳ᠋ᠤᠭᠠᠷ ᠬᠤᠷᠠᠯᠳ᠋ᠤᠭᠠᠨ ᠤ ᠲᠦ᠋ᠯᠦᠭᠡᠯᠡᠭ᠍ᠴᠢᠳ ᠦᠨ ᠲᠤᠷᠠᠳ᠋ᠤᠭᠰᠠᠨ ᠰᠠᠨᠠᠭᠤᠯᠭ᠎ᠠ ᠶᠢ ᠲᠤᠰᠢᠶᠠᠨ ᠰᠢ᠌ᠳᠪᠦᠷᠢᠯᠡᠬᠦ ᠬᠤᠷᠠᠯ ᠬᠤᠷᠠᠯᠳ᠋ᠤᠭᠤᠯᠵᠤ᠂ 96 ᠬᠤᠪᠢ ᠰᠠᠨᠠᠭᠤᠯᠭ᠎ᠠ ᠶᠢ ᠬᠤᠰᠢᠭᠤᠨ ᠤ ᠵᠠᠰᠠᠭ ᠤᠨ ᠣᠷᠳ᠋ᠤᠨ ᠳᠤ ᠲᠤᠰᠢᠶᠠᠨ ᠰᠢ᠌ᠳᠪᠦᠷᠢᠯᠡᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠲᠡᠳ᠋ ᠲᠠᠷᠤᠭ᠎ᠠ ᠪᠠᠲᠤ᠂ ᠬᠤᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠬᠤᠷᠠᠯ ᠳᠤ ᠰᠠᠭᠠᠲᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠵᠦ᠋ᠪᠯᠡᠯ ᠦᠨ ᠡᠷᠬᠢᠯᠡᠭ᠍ᠴᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦ᠋ᠴᠢᠷ ᠪᠤᠯᠤᠨ ᠰᠤᠮᠤ ᠪᠠᠯᠭᠠᠰᠤ ᠲᠠᠯᠠᠪᠠᠢ ᠶᠢᠨ ᠭᠣᠤᠯ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃

ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠡᠴᠡ ᠲᠦ᠋ᠯᠦᠭᠡᠯᠡᠭ᠍ᠴᠢᠳ ᠦᠨ ᠰᠠᠨᠠᠭᠤᠯᠭ᠎ᠠ ᠶᠢ ᠰᠢ᠌ᠳᠪᠦᠷᠢᠯᠡᠬᠦ ᠠᠵᠢᠯ ᠢ ᠰᠠᠢ᠌ᠳ᠋ᠤᠷ ᠬᠢᠬᠦ ᠲᠤᠬᠠᠢ ᠪᠠᠢ᠌ᠷᠢᠯᠠᠭᠤᠯᠤᠯᠳ᠋ᠠ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠢ᠌ᠩᠭ᠋ᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳ᠋ᠤᠨ ᠤ ᠲᠡᠳ᠋ ᠲᠠᠷᠤᠭ᠎ᠠ ᠪᠠᠲᠤ ᠬᠤᠰᠢᠭᠤᠨ ᠵᠠᠰᠠᠭ ᠤᠨ ᠣᠷᠳ᠋ᠤᠨ ᠢ ᠲᠦ᠋ᠯᠦᠭᠡᠯᠡᠨ ᠤᠪᠣᠷ ᠶᠢᠡᠨ ᠢᠯᠡᠳᠭᠡᠪᠡ᠃

ᠬᠤᠷᠠᠯ ᠡᠴᠡ᠂ ᠡᠯ᠎ᠠ ᠲᠠᠭᠠᠭᠠᠨ ᠰᠢ᠌ᠳᠪᠦᠷᠢᠯᠡᠬᠦ ᠪᠠᠢ᠌ᠭᠤᠯᠭ᠎ᠠ ᠶᠢᠨ ᠬᠢᠨ ᠰᠠᠨᠠᠭᠤᠯᠭ᠎ᠠ ᠶᠢ ᠰᠢ᠌ᠳᠪᠦᠷᠢᠯᠡᠬᠦ ᠠᠵᠢᠯ ᠢ ᠡᠳ᠋ᠦᠷ ᠲᠤᠳ᠋ᠤᠮ ᠤᠨ ᠴᠢᠬᠤᠯᠠ ᠵᠦ᠋ᠪᠯᠡᠬᠦ ᠵᠦ᠋ᠢᠯ ᠳ᠋ᠡᠬᠡᠨ ᠤᠷᠤᠭᠤᠯᠤᠨ᠂ ᠭᠣᠣᠯ ᠤᠳ᠋ᠤᠷᠢᠳ᠋ᠤᠯᠭ᠎ᠠ ᠪᠡᠶ᠎ᠠ ᠪᠡᠷ ᠢᠶ᠍ᠡᠨ ᠲᠦ᠋ᠷᠦᠭᠦᠯᠡᠨ ᠭᠢᠵᠦ᠂ ᠠᠵᠢᠯ ᠶᠢᠡᠨ ᠲᠤᠬᠢᠷᠠᠭᠤᠯᠤᠨ ᠪᠠᠢ᠌ᠷᠢᠯᠠᠭᠤᠯᠵᠤ᠂ ᠲᠥᠰᠦᠯ ᠢ ᠰᠤᠳ᠋ᠤᠯᠤᠨ ᠲᠤᠭᠳ᠋ᠠᠭᠠᠵᠤ᠂ ᠲᠤᠭᠳ᠋ᠠᠴᠠ ᠶᠢ ᠲᠡᠭᠦᠯᠳ᠋ᠡᠷᠵᠢᠭᠦᠯᠦᠨ᠂ ᠬᠠᠷᠢᠭᠤᠴᠠᠯᠭ᠎ᠠ ᠶᠢ ᠨᠠᠢ᠌ᠳ᠋ᠠᠪᠤᠷᠢᠵᠢᠭᠤᠯᠵᠤ᠂ ᠭᠣᠤᠯ ᠤᠳ᠋ᠤᠷᠢᠳ᠋ᠤᠯᠭ᠎ᠠ ᠪᠡᠶ᠎ᠠ ᠪᠡᠷ ᠢᠶᠡᠨ ᠠᠳᠬᠤᠬᠤ᠂ ᠬᠠᠪᠢᠳ᠋ᠠᠨ ᠬᠠᠮᠢᠶᠠᠷᠬᠤ ᠤᠳ᠋ᠤᠷᠢᠳ᠋ᠤᠯᠭ᠎ᠠ ᠪᠤᠳ᠋ᠠᠳ᠋ᠠᠢ ᠠᠳᠬᠤᠬᠤ᠂ ᠲᠤᠬᠠᠢ᠌ᠯᠠᠭᠰᠠᠨ ᠠᠵᠢᠯ ᠤᠨ ᠲᠠᠰᠤᠭ ᠬᠤᠪᠢᠶᠠᠨ ᠭᠦᠢᠴᠡᠳᠭᠡᠬᠦ ᠠᠵᠢᠯ ᠤᠨ ᠪᠠᠢ᠌ᠷᠢᠰᠢᠯ ᠢ ᠪᠦᠷᠢᠯᠳ᠋ᠦᠭᠦᠯᠬᠦ ᠬᠡᠷᠡᠭ᠍ᠲᠡᠢ᠃ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠠᠬᠤ ᠶᠢ ᠴᠢᠬᠤᠯᠠᠴᠢᠯᠡᠨ᠂ ᠰᠠᠨᠠᠭᠤᠯᠭ᠎ᠠ ᠶᠢ ᠰᠢ᠌ᠳᠪᠦᠷᠢᠯᠡᠬᠦ ᠳ᠋ᠡᠬᠡᠨ ᠪᠢᠴᠢᠭ᠌ ᠶᠢᠡᠷ ᠬᠠᠷᠢᠭᠤᠯᠲᠠ ᠥᠭ᠍ᠭᠥ ᠪᠠ ᠤᠳ᠋ᠠᠰᠤ ᠪᠠᠷ ᠨᠡᠪᠳ᠋ᠡᠷᠡᠯᠴᠡᠬᠦ᠂ ᠭᠡᠷ ᠲᠤᠨᠢ ᠬᠦᠷᠴᠦ ᠰᠤᠷᠪᠤᠯᠵᠢᠯᠠᠬᠤ᠂ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠬᠤ ᠵᠡᠷᠭᠡ ᠬᠡᠯᠪᠡᠷᠢ ᠶᠢ ᠤᠷᠭᠠᠨᠢᠭ ᠶᠢᠡᠷ ᠤᠶᠠᠯᠳ᠋ᠤᠭᠤᠯᠵᠤ᠂ ᠰᠠᠨᠠᠭᠤᠯᠭ᠎ᠠ ᠲᠤᠷᠠᠳ᠋ᠤᠭᠰᠠᠨ ᠲᠥᠯᠥᠭᠡᠯᠡᠭ᠍ᠴᠢᠳ ᠲᠡᠶ ᠨᠡᠩ ᠰᠠᠢ᠌ᠳ᠋ᠤᠷ ᠰᠠᠨᠠᠯ ᠶᠢᠡᠨ ᠰᠤᠯᠢᠯᠴᠡᠨ᠂ ᠰᠢ᠌ᠳᠪᠦᠷᠢᠯᠡᠬᠦ ᠬᠤᠶᠠᠷ ᠲᠠᠯ᠎ᠠ ᠶᠢᠨ ᠰᠠᠢ᠌ᠨ ᠨᠦ᠋ᠭᠦᠴᠡᠯ ᠢ ᠤᠯᠠᠮ ᠨᠢᠭᠡ ᠠᠯᠬᠤᠮ ᠪᠡᠶᠡᠯᠡᠭᠦᠯᠦᠨ᠂ ᠰᠢ᠌ᠳᠪᠦᠷᠢᠯᠡᠬᠦ ᠥᠷ᠎ᠠ ᠪᠦᠳ᠋ᠦᠮᠵᠢ ᠶᠢ ᠲᠠᠰᠤᠷᠠᠯᠳ᠋ᠡ ᠦᠭᠡᠶ ᠲᠡᠭᠡᠭ᠍ᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠶᠡᠬᠡ ᠲᠠᠯ᠎ᠠ ᠳᠤ ᠨᠡᠩ ᠰᠠᠢ᠌ᠨ ᠦᠢᠯᠡᠴᠢᠯᠡᠬᠦ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)