ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠡᠨ ᠤ ᠡᠷᠬᠢᠯᠡᠭ᠍ᠴᠢ ᠡᠦ ᠴᠢᠩ ᠬᠠᠢ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠶᠢ ᠰᠤᠷᠪᠤᠯᠵᠢᠯᠡᠨ ᠬᠠᠷᠢᠯᠴᠡᠪᠡ
ᠤᠢ᠌ᠷ᠎ᠠ ᠶᠢᠨ ᠡᠳ᠋ᠦᠷ᠂ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠣᠵᠢᠳ ᠠᠷᠤ ᠬᠦᠨᠳ᠋ᠡᠯᠡᠨ ᠪᠠᠯᠭᠠᠰᠤ᠂ ᠰᠢᠶᠠᠩᠱᠠᠨ ᠪᠠᠯᠭᠠᠰᠤᠨ ᠳᠤ ᠬᠦᠷᠴᠦ᠂ ᠬᠤᠳ᠋ᠠ᠂ ᠬᠤᠰᠢᠭᠤ᠂ ᠪᠠᠯᠭᠠᠰᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠲᠡᠶ ᠬᠠᠷᠢᠯᠴᠡᠨ᠂ 《ᠠᠷᠠᠳ ᠤᠨ ᠲᠥᠯᠦᠭᠡᠯᠡᠭ᠍ᠴᠢ ᠶᠢᠨ ᠭᠡᠷ ᠪᠦᠯᠢ》 ᠶᠢᠨ ᠪᠦᠳ᠋ᠦᠭᠡᠨ ᠪᠠᠢ᠌ᠭᠤᠯᠤᠯᠳ᠋ᠠ ᠶᠢᠨ ᠠᠵᠢᠯ ᠢ ᠪᠠᠢ᠌ᠴᠠᠭᠠᠨ ᠰᠤᠳ᠋ᠤᠯᠪᠠ᠃

ᠡᠦ ᠴᠢᠩ ᠬᠠᠢ ᠤᠷᠢᠳ ᠬᠣᠵᠢᠳ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠠᠷᠤ ᠬᠦᠨᠳ᠋ᠡᠯᠡᠨ ᠪᠠᠯᠭᠠᠰᠤᠨ ᠤ ᠬᠤᠢ᠌ᠳ᠋ᠤ ᠰᠠᠯᠠᠭ᠎ᠠ ᠭᠠᠴᠠᠭᠠᠨ ᠤ ᠮᠠᠯᠴᠢᠨ ᠤᠷᠠᠨ᠎ᠠ ᠪᠤᠯᠤᠨ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠨᠣᠭᠤᠨᠳ᠋ᠠᠭᠤᠯᠠ᠂ ᠲᠦ᠋ᠩᠯᠢᠶᠤᠤ ᠬᠤᠳ᠋ᠠ ᠶᠢᠨ ᠵᠢᠷᠭᠤᠳ᠋ᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭ᠍ᠴᠢ᠂ ᠰᠢᠶᠠᠩᠱᠠᠨ ᠪᠠᠯᠭᠠᠰᠤᠨ ᠤ ᠳ᠋ᠠ ᠯᠢᠦ ᠱᠤ ᠲᠤᠰᠬᠤᠨ ᠤ ᠡᠮᠴᠢ ᠧᠤ ᠰᠢ ᠬᠤᠸᠠ᠂ ᠰᠢᠶᠠᠩᠱᠠᠨ ᠪᠠᠯᠭᠠᠰᠤᠨ ᠤ ᠠᠷᠪᠠᠨ ᠲᠠᠪᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ ᠱᠢ ᠰᠢᠶᠠᠩ ᠯᠦ᠋ᠩ ᠢ ᠰᠤᠷᠪᠤᠯᠵᠢᠯᠡᠨ ᠬᠠᠷᠢᠯᠴᠠᠪᠠ᠃
ᠠᠷᠠᠳ ᠤᠨ ᠲᠦ᠋ᠯᠦᠭᠡᠯᠡᠭ᠍ᠴᠢᠳ ᠲᠡᠶ ᠶᠠᠷᠢᠯᠴᠠᠬᠤ ᠳᠠᠭᠠᠨ᠂ ᠡᠦ ᠴᠢᠩ ᠬᠠᠢ ᠡᠴᠡ᠂ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢ ᠬᠤᠰᠢᠭᠤᠴᠢ ᠵᠢᠱᠢᠶ᠎ᠠ ᠦᠵᠡᠭᠦᠯᠦᠨ ᠲᠠᠢ᠌ᠴᠢᠯᠠᠬᠤ ᠦᠢᠯᠡᠳ᠋ᠦᠯ ᠢᠶᠡᠨ ᠪᠠᠳ᠋ᠠᠷᠠᠭᠤᠯᠬᠤ ᠶᠢ ᠪᠠᠷᠢᠮᠳ᠋ᠡᠯᠡᠨ᠂ ᠤᠯᠠᠨ ᠲᠦ᠋ᠮᠡᠨ ᠲᠡᠶ ᠢᠳ᠋ᠡᠪᠬᠢᠳ᠋ᠠᠢ ᠬᠠᠷᠢᠯᠴᠠᠵᠦ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠭᠦᠨᠵᠡᠭᠡᠢ ᠣᠢ᠌ᠯᠠᠭᠠᠨ᠂ ᠲᠤᠬᠠᠢ ᠶᠢᠨ ᠭᠠᠵᠠᠷ ᠤᠨ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠲᠤᠭᠤᠷᠢᠨ ᠳᠤ ᠠᠷᠠᠳ ᠤᠯᠠᠨ ᠤ ᠬᠦᠰᠡᠯ ᠱᠠᠭᠠᠷᠳ᠋ᠠᠯᠭ᠎ᠠ ᠶᠢ ᠢᠳ᠋ᠡᠪᠬᠢᠳ᠋ᠠᠢ ᠲᠤᠰᠬᠠᠵᠤ᠂ ᠲᠤᠰᠬᠤᠨ ᠤ ᠱᠠᠳ᠋ᠤᠨ ᠤ ᠬᠠᠮᠳ᠋ᠤ ᠶᠢᠨ ᠠᠵᠤ ᠠᠬᠤᠢ ᠶᠢᠨ ᠬᠦᠭ᠍ᠵᠢᠨ ᠪᠤᠵᠠᠭᠠᠢ᠌ᠷᠠᠬᠤ ᠶᠢ ᠠᠬᠢᠭᠤᠯᠤᠨ᠂ ᠨᠡᠩ ᠤᠯᠠᠨ ᠬᠦᠴᠢᠷᠳ᠋ᠡᠯᠲᠡᠢ ᠤᠯᠠᠨ ᠲᠦ᠋ᠮᠡᠨ ᠢ ᠲᠠᠭᠠᠭᠤᠯᠤᠨ ᠦᠷᠭᠦᠯᠵᠢᠯᠡᠨ ᠲᠤᠭᠳ᠋ᠠᠭᠤᠨ ᠶᠢᠡᠷ ᠤᠷᠤᠯᠭ᠎ᠠ ᠪᠠᠨ ᠨᠡᠮᠡᠭ᠌᠂ ᠨᠡᠮᠡᠭ᠍ᠳ᠋ᠡᠭᠦᠯᠵᠦ ᠪᠠᠶᠠᠵᠢᠨ ᠴᠢᠨᠡᠭᠡᠯᠢᠭ᠍ᠵᠢᠭᠦᠯᠬᠦ ᠬᠡᠷᠡᠭ᠍ᠲᠡᠢ ᠭᠡᠪᠡ᠃

《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢ ᠪᠠᠢ᠌ᠴᠠᠭᠠᠨ ᠰᠤᠳ᠋ᠤᠯᠬᠤ ᠳᠠᠭᠠᠨ᠂ ᠡᠦ ᠴᠢᠩ ᠬᠠᠢ ᠡᠴᠡ᠂ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠵᠢᠭᠰᠠᠭᠠᠯ ᠤᠨ ᠭᠠᠵᠠᠷ ᠤᠨ ᠪᠦᠳ᠋ᠦᠭᠡᠨ ᠪᠠᠢ᠌ᠭᠤᠯᠤᠯᠳ᠋ᠠ ᠶᠢ ᠲᠠᠰᠤᠷᠠᠯᠳ᠋ᠠ ᠦᠭᠡᠶ ᠲᠡᠭᠦᠯᠳ᠋ᠡᠷᠵᠢᠭᠦᠯᠦᠨ᠂ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠪᠠ ᠬᠣᠯᠪᠤᠭ᠎ᠠ ᠠᠪᠬᠤ ᠦᠷᠳ᠋ᠡᠭᠡᠨ ᠦ ᠦᠢᠯᠡᠳ᠋ᠦᠯ ᠢ ᠰᠠᠢ᠌ᠳ᠋ᠤᠷ ᠪᠠᠳ᠋ᠠᠷᠠᠭᠤᠯᠵᠤ᠂ ᠥᠷ᠎ᠠ ᠪᠦᠳ᠋ᠦᠮᠵᠢ ᠶᠢ ᠤᠯᠠᠮ ᠨᠢᠭᠡ ᠠᠯᠬᠤᠮ ᠲᠡᠭᠡᠭ᠍ᠰᠢᠯᠡᠭᠦᠯᠵᠦ᠂ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》 ᠶᠢᠨ ᠦᠢᠯᠡᠳ᠋ᠦᠯ ᠢᠶ᠍ᠡᠨ ᠪᠠᠳ᠋ᠠᠷᠠᠭᠤᠯᠬᠤ ᠶᠢ ᠪᠠᠲᠤᠯᠠᠬᠤ ᠬᠡᠷᠡᠭ᠍ᠲᠡᠢ ᠭᠡᠪᠡ᠃ (ᠯᠠᠢ ᠫᠠᠩ)