ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠯᠦ᠋ᠪᠸᠢ ᠵᠡᠭᠡᠯᠢ ᠭᠤᠳ᠋ᠤᠮᠵᠢ ᠳᠤ ᠬᠦᠨᠵᠡᠭᠡᠢ᠌ᠷᠡᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠠᠵᠢᠯ ᠢ ᠪᠠᠢ᠌ᠴᠠᠭᠠᠨ ᠰᠤᠳ᠋ᠤᠯᠪᠠ

   3 ᠰᠠᠷ᠎ᠠ ᠶᠢᠨ 8 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠤᠷᠢᠳ ᠬᠣᠵᠢᠳ ᠯᠦ᠋ᠪᠸᠢ ᠵᠡᠭᠡᠯᠢ ᠭᠤᠳ᠋ᠤᠮᠵᠢ ᠶᠢᠨ ᠢᠦᠢ ᠵᠸᠦ ᠨᠡᠢ᠌ᠭᠡᠮ ᠲᠤᠭᠤᠷᠢᠭ᠂ ᠴᠢᠨ ᠶᠤᠸᠠᠨ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠲᠤ ᠬᠦᠷᠴᠦ᠂ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠠᠵᠢᠯ ᠢ ᠪᠠᠢ᠌ᠴᠠᠭᠠᠨ ᠰᠤᠳ᠋ᠤᠯᠪᠠ᠃

       
        ᠡᠦ ᠴᠢᠩ ᠬᠠᠢ ᠢᠦᠢ ᠵᠸᠦ ᠨᠡᠢ᠌ᠭᠡᠮ ᠲᠤᠭᠤᠷᠢᠭ᠂ ᠴᠢᠨ ᠶᠤᠸᠠᠨ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠵᠦ᠂ ᠨᠡᠢ᠌ᠭᠡᠮ ᠲᠤᠭᠤᠷᠢᠭ ᠲᠤ ᠰᠠᠭᠤᠭ᠎ᠠ ᠬᠤᠰᠢᠭᠤᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠠᠢ᠌ᠭ᠎ᠠ ᠪᠠᠢ᠌ᠳ᠋ᠠᠯ ᠢ ᠨᠠᠷᠢᠨ ᠬᠢᠨᠠᠮᠠᠭᠠᠢ ᠤᠢ᠌ᠯᠠᠭᠠᠭᠰᠠᠨ ᠪᠦᠭᠡᠳ ᠨᠡᠢ᠌ᠭᠡᠮ ᠲᠤᠭᠤᠷᠢᠭ ᠤᠨ ᠰᠠᠭᠤᠭᠠᠯᠢ ᠠᠷᠠᠳ ᠲᠤ ᠬᠡᠷᠭᠢᠨ ᠴᠢᠨᠠᠷ ᠰᠠᠢ᠌ᠲᠠᠢ ᠦᠢᠯᠡᠴᠢᠯᠡᠬᠦ ᠵᠢᠴᠢ ᠠᠷᠠᠳ ᠤᠨ ᠲᠦ᠋ᠯᠦᠭᠡᠯᠡᠭ᠍ᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠳ᠋ᠦᠯ ᠢ ᠬᠡᠷᠬᠢᠨ ᠪᠦᠳ᠋ᠦᠮᠵᠢᠳ᠋ᠠᠢ ᠪᠠᠳ᠋ᠠᠷᠠᠭᠤᠯᠬᠤ ᠲᠤᠬᠠᠢ ᠭᠦᠨᠵᠡᠭᠡᠢ ᠰᠤᠳ᠋ᠤᠯᠤᠨ ᠶᠠᠷᠢᠯᠴᠠᠪᠠ᠃

       
        ᠡᠦ ᠴᠢᠩ ᠬᠠᠢ ᠡᠴᠡ᠂ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠪᠣᠯ ᠤᠯᠠᠨ ᠲᠦ᠋ᠮᠡᠨ ᠳ᠋ᠦ ᠦᠢᠯᠡᠴᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠂ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠢ ᠦᠨᠡᠨᠬᠦ ᠠᠷᠠᠳ ᠤᠨ ᠰᠠᠨᠠᠭ᠎ᠠ ᠶᠢ ᠢᠯᠡᠳᠭᠡᠬᠦ ᠲᠠᠪᠴᠠᠩ ᠪᠠ ᠠᠷᠭ᠎ᠠ ᠵᠠᠮ ᠪᠣᠯᠭᠠᠨ᠎ᠠ᠃ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠤᠨ ᠪᠠᠢ᠌ᠭᠤᠯᠤᠯᠳ᠋ᠠ ᠶᠢ ᠴᠢᠩᠭ᠋ᠠᠳᠬᠠᠬᠤ ᠪᠣᠯ ᠠᠷᠠᠳ ᠤᠨ ᠲᠦ᠋ᠯᠦᠭᠡᠯᠡᠭ᠍ᠴᠢᠳ ᠦᠨ ᠤᠯᠠᠨ ᠲᠦ᠋ᠮᠡᠨ ᠲᠡᠶ ᠬᠠᠷᠢᠯᠴᠠᠬᠤ᠂ ᠲᠦ᠋ᠯᠦᠭᠡᠯᠡᠭ᠍ᠴᠢᠳ ᠦᠨ ᠦᠢᠯᠡᠳ᠋ᠦᠯ ᠢ ᠨᠡᠩ ᠰᠠᠢ᠌ᠨ ᠪᠠᠳ᠋ᠠᠷᠠᠭᠤᠯᠬᠤ ᠶᠢ ᠤᠯᠠᠮ ᠨᠢᠭᠡ ᠠᠯᠬᠤᠮ ᠲᠡᠮᠵᠢᠵᠦ ᠪᠠᠲᠤᠯᠠᠬᠤ ᠶᠢᠨ ᠵᠠᠢ᠌ᠯᠠᠰᠢ ᠦᠭᠡᠶ ᠱᠠᠭᠠᠷᠳ᠋ᠠᠯᠭ᠎ᠠ ᠮᠥᠨ᠃ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠦᠨ ᠬᠢᠨ ᠲᠦ᠋ᠯᠦᠭᠡᠯᠡᠭ᠍ᠴᠢᠳ ᠦᠨ ᠬᠤᠭᠤᠷᠤᠨᠳ᠋ᠤᠬᠢ ᠰᠤᠷᠤᠯᠴᠠᠯᠭ᠎ᠠ ᠰᠤᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠵᠦ᠂ ᠠᠰᠠᠭᠤᠳ᠋ᠠᠯ ᠢ ᠵᠤᠬᠢᠴᠠᠭᠤᠯᠤᠨ ᠬᠠᠷᠢᠭᠤ ᠲᠤᠰᠬᠠᠬᠤ ᠲᠤᠭᠳ᠋ᠠᠴᠠ ᠶᠢ ᠪᠠᠢ᠌ᠭᠤᠯᠤᠨ ᠲᠡᠭᠦᠯᠳ᠋ᠡᠷᠵᠢᠭᠦᠯᠵᠦ᠂ ᠨᠡᠢ᠌ᠭᠡᠮ ᠲᠤᠭᠤᠷᠢᠭ ᠦᠨ ᠠᠷᠠᠳ ᠤᠨ ᠲᠦ᠋ᠯᠦᠭᠡᠯᠡᠭ᠍ᠴᠢ ᠶᠢᠨ ᠦᠢᠯᠡᠴᠢᠯᠡᠭᠡᠨ ᠦ ᠲᠥᠪ ᠦᠨ ᠠᠵᠢᠯ ᠢ ᠨᠡᠩ ᠯᠠᠪᠳ᠋ᠠᠭᠤᠨ ᠪᠠᠲᠤᠳ᠋ᠠᠢ ᠥᠷ᠎ᠠ ᠪᠦᠳ᠋ᠦᠮᠵᠢᠳ᠋ᠠᠢ ᠪᠣᠯᠭᠠᠨ᠂ ᠦᠨᠡᠨᠬᠦ ᠰᠤᠩᠭ᠋ᠤᠭᠤᠯᠢ ᠶᠢᠨ ᠠᠷᠠᠳ ᠤᠨ ᠡᠮᠦᠨ᠎ᠠ ᠡᠴᠡ ᠦᠭᠡ ᠬᠡᠯᠡᠵᠦ᠂ ᠠᠷᠠᠳ ᠤᠯᠠᠨ ᠤ ᠬᠦᠴᠢᠷᠳ᠋ᠡᠯ ᠢ ᠰᠢ᠌ᠳᠪᠦᠷᠢᠯᠡᠵᠦ ᠦᠭᠬᠦ ᠶᠢ ᠬᠦᠰᠡᠵᠦ ᠪᠠᠢ᠌ᠨ᠎ᠠ ᠭᠡᠵᠦ ᠵᠢᠭᠠᠵᠤ ᠭᠠᠷᠭᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠡᠨ ᠤ ᠡᠷᠬᠢᠯᠡᠭ᠍ᠴᠢ ᠡᠦ ᠴᠢᠩ ᠬᠠᠢ ᠦᠨᠳ᠋ᠦᠰᠦᠨ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠶᠢ ᠰᠤᠷᠪᠤᠯᠵᠢᠯᠡᠨ ᠬᠠᠷᠢᠯᠴᠡᠪᠡ
ᠳᠠᠷᠠᠭᠠᠬᠢ᠄ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠪᠠᠢ᠌ᠴᠠᠭᠠᠨ ᠰᠤᠳ᠋ᠤᠯᠵᠤ ᠰᠢᠪᠠᠳ᠋ᠠᠨ ᠰᠢ᠌ᠳᠪᠦᠷᠢᠯᠡᠭᠦᠯᠬᠦ ᠠᠵᠢᠯᠯᠠᠭ᠎ᠠ ᠦᠷᠨᠢᠭᠦᠯᠪᠡ