ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ᠁
ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠪᠠᠢ᠌ᠴᠠᠭᠠᠨ ᠰᠤᠳ᠋ᠤᠯᠵᠤ ᠰᠢᠪᠠᠳ᠋ᠠᠨ ᠰᠢ᠌ᠳᠪᠦᠷᠢᠯᠡᠭᠦᠯᠬᠦ ᠠᠵᠢᠯᠯᠠᠭ᠎ᠠ ᠦᠷᠨᠢᠭᠦᠯᠪᠡ

       
        3 ᠰᠠᠷ᠎ᠠ ᠶᠢᠨ 9 ᠦ ᠡᠳ᠋ᠦᠷ᠂ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠦᠨᠳ᠋ᠦᠰᠦᠳ᠋ᠡᠨ ᠦ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠶᠢᠡᠷ ᠪᠦᠷᠢᠯᠳ᠋ᠦᠭ᠍ᠰᠡᠨ ᠪᠠᠢ᠌ᠴᠠᠭᠠᠨ ᠰᠤᠳ᠋ᠤᠯᠵᠤ ᠰᠢᠪᠠᠳ᠋ᠠᠨ ᠭᠦᠢᠴᠡᠳᠭᠡᠬᠦ ᠲᠤᠭᠤᠢ᠌ᠯᠠᠩ ᠢ ᠲᠠᠭᠠᠭᠤᠯᠣᠨ᠂ ᠤᠷᠢᠳ ᠬᠣᠵᠢᠳ ᠰᠢᠶᠠᠩᠱᠠᠨ ᠪᠠᠯᠭᠠᠰᠤ᠂ ᠤᠯᠤᠰ ᠤᠨ ᠭᠠᠢ᠌ᠯᠢ ᠶᠢᠨ ᠶᠠᠪᠤᠳ᠋ᠠᠯ ᠤᠨ ᠶᠡᠷᠦᠩᠬᠡᠢ ᠲᠣᠪᠴᠢᠶ᠎ᠠ ᠶᠢᠨ ᠵᠠᠷᠤᠳ ᠬᠣᠰᠢᠭᠤᠨ ᠤ ᠬᠤᠪᠢᠶᠠᠷᠢ ᠲᠤᠪᠴᠢᠶ᠎ᠠ᠂ ᠬᠤᠰᠢᠭᠤᠨ ᠤ ᠵᠠᠬ᠎ᠠ ᠲᠡᠯᠭᠡᠭᠦᠷ ᠦᠨ ᠪᠠᠢ᠌ᠴᠠᠭᠠᠨ ᠰᠢᠯᠭᠠᠵᠤ ᠬᠡᠮᠵᠢᠬᠦ ᠲᠥᠪ᠂ ᠬᠤᠰᠢᠭᠤᠨ ᠤ ᠬᠦᠭ᠍ᠵᠢᠭᠦᠯᠦᠯᠳ᠋ᠡ ᠪᠠ ᠦᠭᠡᠷᠡᠴᠢᠯᠡᠯᠳ᠋ᠡ ᠶᠢᠨ ᠵᠦ᠋ᠪᠯᠡᠯ᠂ ᠬᠤᠰᠢᠭᠤᠨ ᠤ ᠦᠨᠳ᠋ᠦᠰᠦᠳ᠋ᠡᠨ ᠦ ᠶᠠᠪᠤᠳ᠋ᠠᠯ ᠤᠨ ᠵᠦ᠋ᠪᠯᠡᠯ ᠵᠡᠷᠭᠡ ᠭᠠᠵᠠᠷ ᠲᠤ ᠬᠦᠷᠴᠦ᠂《ᠵᠠᠷᠤᠳ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ〈ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠦᠨᠳ᠋ᠦᠰᠦᠳ᠋ᠡᠨ ᠦ ᠪᠦᠯᠬᠦᠮᠳ᠋ᠡᠯ ᠲᠠᠪᠰᠢᠯᠳ᠋ᠡ ᠶᠢ ᠠᠬᠢᠭᠤᠯᠬᠤ ᠲᠥᠷᠢᠮ〉 ᠢ ᠲᠤᠭᠤᠰᠢᠯᠠᠭᠤᠯᠤᠨ ᠬᠡᠷᠡᠭ᠍ᠵᠢᠭᠦᠯᠦᠭ᠍ᠰᠡᠨ ᠪᠠᠢ᠌ᠳ᠋ᠠᠯ ᠤᠨ ᠲᠤᠬᠠᠢ ᠬᠢᠨᠠᠨ ᠵᠦ᠋ᠪᠯᠡᠭ᠍ᠰᠡᠨ ᠰᠠᠨᠠᠯ》 ᠢ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠢ ᠮᠦ᠋ᠷᠳ᠋ᠡᠨ ᠪᠠᠢ᠌ᠴᠠᠭᠠᠨ ᠰᠤᠳ᠋ᠤᠯᠪᠠ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠦ᠋ᠴᠢᠷ ᠦᠨ ᠬᠠᠷᠢᠭᠤᠴᠠᠯᠭᠠᠳ᠋ᠠᠨ ᠪᠠᠷ᠎ᠠ ᠪᠣᠯᠪᠠ᠃

       
         ᠬᠦᠷᠦᠭ᠍ᠰᠡᠨ ᠭᠠᠵᠠᠷ ᠪᠣᠯᠭᠠᠨ ᠳᠤ᠂ ᠪᠠᠢ᠌ᠴᠠᠭᠠᠨ ᠰᠤᠳ᠋ᠤᠯᠬᠤ ᠲᠤᠭᠤᠢ᠌ᠯᠠᠩ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠦᠵᠡᠬᠦ᠂ ᠮᠠᠲ᠋ᠸᠷᠢᠶᠠᠯ ᠢ ᠪᠠᠢ᠌ᠴᠠᠭᠠᠨ ᠦᠵᠡᠬᠦ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠠᠷᠭ᠎ᠠ ᠬᠡᠯᠪᠡᠷᠢ ᠪᠡᠷ ᠲᠠᠮᠵᠢᠨ᠂ ᠮᠠᠨ ᠤ ᠬᠤᠰᠢᠭᠤᠨ ᠤ《ᠬᠢᠨᠠᠨ ᠵᠦ᠋ᠪᠯᠡᠭ᠍ᠰᠡᠨ ᠰᠠᠨᠠᠯ》 ᠢ ᠴᠡᠭ᠍ᠴᠡᠯᠡᠨ ᠰᠠᠢ᠌ᠵᠢᠷᠠᠭᠤᠯᠵᠤ ᠨᠠᠢ᠌ᠳ᠋ᠠᠪᠤᠷᠢᠵᠢᠭᠤᠯᠤᠭᠰᠠᠨ ᠪᠠᠢ᠌ᠳ᠋ᠠᠯ ᠵᠢᠴᠢ ᠤᠷᠤᠰᠢᠵᠤ ᠪᠠᠢ᠌ᠭ᠎ᠠ ᠬᠦᠴᠢᠷᠳ᠋ᠡᠯ ᠪᠠ ᠠᠰᠠᠭᠤᠳ᠋ᠠᠯ ᠢ ᠨᠠᠷᠢᠨ ᠤᠢ᠌ᠯᠠᠭᠠᠬᠤ ᠶᠢᠨ ᠬᠠᠮᠳ᠋ᠤ ᠪᠣᠳ᠋ᠠᠳ᠋ᠤ ᠪᠠᠢ᠌ᠳ᠋ᠠᠯ ᠳ᠋ᠤᠨᠢ ᠴᠢᠭᠯᠡᠭᠦᠯᠦᠨ ᠰᠠᠨᠠᠯ ᠰᠠᠨᠠᠭᠤᠯᠭ᠎ᠠ ᠲᠤᠷᠠᠳᠪᠠ᠃

       
        ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠤᠬᠠᠭᠤᠯᠬᠤ ᠡᠷᠴᠢᠮ  ᠢᠶᠡᠨ ᠦᠷᠭᠦᠯᠵᠢᠯᠡᠨ ᠴᠢᠩᠭ᠋ᠠᠷᠠᠭᠤᠯᠵᠤ᠂ ᠪᠦᠬᠦ ᠨᠡᠢ᠌ᠭᠡᠮ ᠪᠤᠯᠤᠨ ᠠᠷᠠᠳ ᠢᠷᠭᠡᠳ ᠦᠨ ᠦᠨᠳ᠋ᠦᠰᠦᠳ᠋ᠡᠨ ᠦ ᠪᠦᠯᠬᠦᠮᠳ᠋ᠡᠯ ᠦᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠳ᠋ᠡ ᠶᠢ ᠴᠢᠩᠭ᠋ᠠᠳᠬᠠᠬᠤ ᠬᠡᠷᠡᠭ᠍ᠲᠡᠢ᠃ ᠦᠨᠳ᠋ᠦᠰᠦᠳ᠋ᠡᠨ ᠦ ᠪᠦᠯᠬᠦᠮᠳ᠋ᠡᠯ ᠦᠨ ᠲᠡᠷᠢᠭᠦᠨ ᠦ ᠨᠡᠢ᠌ᠳ᠋ᠡᠯᠢᠭ᠌ ᠵᠢᠱᠢᠶ᠎ᠠ ᠶᠢ ᠬᠦᠮᠦᠵᠢᠭᠦᠯᠦᠨ ᠪᠤᠢ ᠪᠣᠯᠭᠠᠬᠤ ᠡᠷᠴᠢᠮ  ᠢᠶᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠲᠣᠷᠰᠢᠯᠭ᠎ᠠ ᠬᠢᠳ᠋ᠡᠯ  ᠢᠶᠡᠨ ᠳ᠋ᠦ᠋ᠩᠨᠡᠨ᠂ ᠬᠡᠰᠡᠭ᠌ ᠲᠠᠯ᠎ᠠ ᠪᠠᠷ ᠪᠦᠬᠦ ᠲᠠᠯ᠎ᠠ ᠶᠢ ᠲᠠᠢ᠌ᠴᠢᠯᠠᠭᠰᠠᠨ ᠡᠭᠦᠳ᠋ᠦᠨ ᠪᠠᠢ᠌ᠭᠤᠯᠬᠤ ᠠᠵᠢᠯ ᠤᠨ ᠰᠢᠨ᠎ᠠ ᠪᠠᠢ᠌ᠷᠢᠰᠢᠯ ᠢ ᠪᠣᠢ ᠪᠣᠯᠭᠠᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠯᠦ᠋ᠪᠸᠢ ᠵᠡᠭᠡᠯᠢ ᠭᠤᠳ᠋ᠤᠮᠵᠢ ᠳᠤ ᠬᠦᠨᠵᠡᠭᠡᠢ᠌ᠷᠡᠨ ᠲᠦ᠋ᠯᠦᠭᠡᠯᠡᠭ᠍ᠴᠢᠳ ᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠠᠵᠢᠯ ᠢ ᠪᠠᠢ᠌ᠴᠠᠭᠠᠨ ᠰᠤᠳ᠋ᠤᠯᠪᠠ
ᠳᠠᠷᠠᠭᠠᠬᠢ᠄ ᠵᠠᠷᠤᠳ ᠬᠤᠰᠢᠭᠤᠨ ᠤ ᠨᠠᠮ ᠤᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠬᠤᠷᠠᠯᠳ᠋ᠤᠭᠤᠯᠪᠠ