ᠰᠢᠶᠠᠩᠱᠠᠨ ᠪᠠᠯᠭᠠᠰᠤᠨ ᠤ ᠠᠷᠪᠠᠨ ᠲᠠᠪᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠪᠠ

3 ᠰᠠᠷ᠎ᠠ ᠶᠢᠨ 7 ᠦ ᠡᠳ᠋ᠦᠷ ᠡᠴᠡ 8 ᠤ ᠡᠳ᠋ᠦᠷ ᠪᠣᠯᠳ᠋ᠠᠯ᠎ᠠ᠂ ᠰᠢᠶᠠᠩᠱᠠᠨ ᠪᠠᠯᠭᠠᠰᠤᠨ ᠤ ᠠᠷᠪᠠᠨ ᠲᠠᠪᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠵᠤ᠂ ᠪᠦᠬᠦ ᠪᠠᠯᠭᠠᠰᠤᠨ ᠤ 46 ᠠᠷᠠᠳ ᠤᠨ ᠲᠦ᠋ᠯᠦᠭᠡᠯᠡᠭ᠍ᠴᠢ ᠪᠤᠯᠤᠨ 9 ᠰᠤᠯᠠ ᠤᠷᠤᠯᠴᠠᠭᠴᠢ ᠬᠤᠷᠠᠯ ᠳᠤ ᠤᠷᠤᠯᠴᠠᠪᠠ᠃

ᠬᠤᠷᠠᠯ ᠲᠡᠭᠡᠷ᠎ᠠ ᠤᠷᠢᠳ ᠬᠣᠵᠢᠳ 《2023 ᠣᠨ ᠤ ᠰᠢᠶᠠᠩᠱᠠᠨ ᠪᠠᠯᠭᠠᠰᠤᠨ ᠤ ᠠᠷᠠᠳ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ》 《2023 ᠣᠨ ᠤ ᠰᠢᠶᠠᠩᠱᠠᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠵᠢᠯ ᠤᠨ ᠮᠡᠳ᠋ᠡᠭᠦᠯᠦᠯᠳ᠋ᠡ》《2022 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠪᠡᠶᠡᠯᠡᠭᠦᠯᠦᠭ᠍ᠰᠡᠨ ᠪᠠᠢ᠌ᠳ᠋ᠠᠯ ᠪᠠ 2023 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠦᠨ ᠵᠢᠱᠢᠭ᠍ᠳ᠋ᠡᠭ᠍ᠰᠡᠨ ᠲᠥᠷᠦᠯ ᠵᠦ᠋ᠢᠯ ᠦᠨ ᠲᠦ᠋ᠯᠦᠪᠯᠡᠭᠡ ᠶᠢᠨ ᠪᠠᠢ᠌ᠳ᠋ᠠᠯ ᠤᠨ ᠮᠡᠳ᠋ᠡᠭᠦᠯᠦᠯᠳ᠋ᠡ》《ᠰᠢᠶᠠᠩᠱᠠᠨ ᠪᠠᠯᠭᠠᠰᠤᠨ ᠤ 2022 ᠣᠨ ᠤ ᠡᠳ᠋ ᠦᠨ ᠵᠠᠰᠠᠭ ᠤᠨ ᠲᠦ᠋ᠰᠦᠪ ᠢ ᠭᠦᠢᠴᠡᠳᠭᠡᠭ᠍ᠰᠡᠨ ᠪᠠᠢ᠌ᠳ᠋ᠠᠯ ᠪᠤᠯᠤᠨ 2023 ᠣᠨ ᠤ ᠡᠳ᠋ ᠦᠨ ᠵᠠᠰᠠᠭ ᠤᠨ ᠲᠦ᠋ᠰᠦᠪ ᠦᠨ ᠲᠦ᠋ᠰᠦᠯ》 ᠵᠡᠷᠭᠡ ᠬᠠᠮᠢᠶ᠎ᠠ ᠪᠦᠬᠦᠢ ᠰᠢ᠌ᠳᠪᠦᠷᠢ ᠶᠢ ᠰᠤᠨᠤᠰᠴᠦ ᠬᠢᠨᠠᠨ ᠵᠦ᠋ᠪᠯᠡᠵᠦ ᠪᠠᠳ᠋ᠤᠯᠠᠭᠰᠠᠨ ᠪᠦᠭᠡᠳ 2023 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠪᠢᠯᠸᠲ ᠦᠭ᠍ᠴᠦ ᠲᠤᠭᠳ᠋ᠠᠭᠠᠪᠠ᠃ (ᠯᠸᠢ ᠫᠠᠩ)