ᠦᠯᠵᠡᠢ᠌ᠮᠦ᠋ᠷᠡᠨ ᠰᠤᠮᠤ ᠶᠢᠨ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠪᠠ


3 ᠰᠠᠷ᠎ᠠ ᠶᠢᠨ 8 ᠦ ᠡᠳ᠋ᠦᠷ ᠡᠴᠡ 9 ᠤ ᠡᠳ᠋ᠦᠷ ᠪᠣᠯᠳ᠋ᠠᠯ᠎ᠠ᠂ ᠦᠯᠵᠡᠢ᠌ᠮᠦ᠋ᠷᠡᠨ ᠰᠤᠮᠤ ᠶᠢᠨ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠵᠤ᠂ ᠪᠦᠬᠦ ᠪᠠᠯᠭᠠᠰᠤᠨ ᠤ 43 ᠠᠷᠠᠳ ᠤᠨ ᠲᠦ᠋ᠯᠦᠭᠡᠯᠡᠭ᠍ᠴᠢ ᠪᠤᠯᠤᠨ 13 ᠰᠤᠯᠠ ᠤᠷᠤᠯᠴᠠᠭᠴᠢ ᠬᠤᠷᠠᠯ ᠳᠤ ᠤᠷᠤᠯᠴᠠᠪᠠ᠃

ᠬᠤᠷᠠᠯ ᠲᠡᠭᠡᠷ᠎ᠠ 《ᠠᠷᠠᠳ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ》《ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠵᠢᠯ ᠤᠨ ᠮᠡᠳ᠋ᠡᠭᠦᠯᠦᠯᠳ᠋ᠡ》《2022 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠪᠡᠶᠡᠯᠡᠭᠦᠯᠦᠭ᠍ᠰᠡᠨ ᠪᠠᠢ᠌ᠳ᠋ᠠᠯ ᠪᠠ 2023 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠦᠨ ᠵᠢᠱᠢᠭ᠍ᠳ᠋ᠡᠭ᠍ᠰᠡᠨ ᠲᠥᠷᠦᠯ ᠵᠦ᠋ᠢᠯ ᠤᠨ ᠪᠦᠷᠢᠯᠳ᠋ᠦᠭ᠍ᠰᠡᠨ ᠪᠠᠢ᠌ᠳ᠋ᠠᠯ ᠤᠨ ᠮᠡᠳ᠋ᠡᠭᠦᠯᠦᠯᠳ᠋ᠡ ᠵᠢᠴᠢ ᠲᠤᠳ᠋ᠤᠷᠬᠠᠢ᠌ᠯᠠᠯᠳ᠋ᠠ》《2022 ᠣᠨ ᠤ ᠡᠳ᠋ ᠦᠨ ᠵᠠᠰᠠᠭ ᠤᠨ ᠲᠦ᠋ᠰᠦᠪ ᠢ ᠭᠦᠢᠴᠡᠳᠭᠡᠭ᠍ᠰᠡᠨ ᠪᠠᠢ᠌ᠳ᠋ᠠᠯ ᠪᠤᠯᠤᠨ 2023 ᠣᠨ ᠤ ᠡᠳ᠋ ᠦᠨ ᠵᠠᠰᠠᠭ ᠤᠨ ᠲᠦ᠋ᠰᠦᠪ ᠦᠨ ᠲᠦ᠋ᠰᠦᠯ ᠤᠨ ᠮᠡᠳ᠋ᠡᠭᠦᠯᠦᠯᠳ᠋ᠡ》 ᠵᠡᠷᠭᠡ ᠶᠢ ᠰᠤᠨᠤᠰᠴᠦ ᠬᠢᠨᠠᠨ ᠵᠦ᠋ᠪᠯᠡᠪᠡ᠃ (ᠯᠸᠢ ᠫᠠᠩ)