ᠯᠦ᠋ᠪᠸᠢ ᠪᠠᠯᠭᠠᠰᠤᠨ ᠤ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠪᠠ

3 ᠰᠠᠷ᠎ᠠ ᠶᠢᠨ 9 ᠦ ᠡᠳ᠋ᠦᠷ ᠡᠴᠡ10 ᠤ ᠡᠳ᠋ᠦᠷ ᠪᠣᠯᠳ᠋ᠠᠯ᠎ᠠ᠂ ᠯᠦ᠋ᠪᠸᠢ ᠪᠠᠯᠭᠠᠰᠤᠨ ᠤ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠵᠤ᠂ ᠬᠤᠷᠠᠯ ᠳᠤ 94 ᠠᠷᠠᠳ ᠤᠨ ᠲᠦ᠋ᠯᠦᠭᠡᠯᠡᠭ᠍ᠴᠢ ᠪᠤᠯᠤᠨ 33 ᠰᠤᠯᠠ ᠤᠷᠤᠯᠴᠠᠭᠴᠢ ᠤᠷᠤᠯᠴᠠᠪᠠ᠃


ᠬᠤᠷᠠᠯ ᠲᠡᠭᠡᠷ᠎ᠠ《ᠠᠷᠠᠳ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ》《ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠵᠢᠯ ᠤᠨ ᠮᠡᠳ᠋ᠡᠭᠦᠯᠦᠯᠳ᠋ᠡ》《2022 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠪᠡᠶᠡᠯᠡᠭᠦᠯᠦᠭ᠍ᠰᠡᠨ ᠪᠠᠢ᠌ᠳ᠋ᠠᠯ ᠪᠠ 2023 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠦᠨ ᠵᠢᠱᠢᠭ᠍ᠳ᠋ᠡᠭ᠍ᠰᠡᠨ ᠲᠥᠷᠦᠯ ᠵᠦ᠋ᠢᠯ ᠦᠨ ᠪᠦᠷᠢᠯᠳ᠋ᠦᠭ᠍ᠰᠡᠨ ᠪᠠᠢ᠌ᠳ᠋ᠠᠯ ᠤᠨ ᠮᠡᠳ᠋ᠡᠭᠦᠯᠦᠯᠳ᠋ᠡ》 ᠂ ᠡᠳ᠋ ᠦᠨ ᠵᠠᠰᠠᠭ ᠤᠨ ᠠᠵᠢᠯ ᠤᠨ ᠮᠡᠳ᠋ᠡᠭᠦᠯᠦᠯᠳ᠋ᠡ᠂ 2022 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠳ᠋ᠦ ᠬᠢᠨᠠᠯᠳ᠋ᠠ ᠲᠠᠯᠪᠢᠬᠤ ᠠᠵᠢᠯ ᠤᠨ ᠲᠤᠰᠬᠠᠢ ᠮᠡᠳ᠋ᠡᠭᠦᠯᠦᠯᠳ᠋ᠡ ᠶᠢ ᠰᠤᠨᠤᠰᠴᠦ ᠬᠢᠨᠠᠨ ᠵᠦ᠋ᠪᠯᠡᠪᠡ᠃ (ᠯᠸᠢ ᠫᠠᠩ)