ᠵᠠᠷᠤᠳ ᠬᠤᠰᠢᠭᠤᠨ ᠤ ᠨᠠᠮ ᠤᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠬᠤᠷᠠᠯᠳ᠋ᠤᠭᠤᠯᠪᠠ

3 ᠰᠠᠷ᠎ᠠ ᠶᠢᠨ 14 ᠦ ᠡᠳ᠋ᠦᠷ ᠦᠨ ᠦᠳ᠋ᠡ ᠶᠢᠨ ᠬᠤᠢ᠌ᠨ᠎ᠠ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦ᠋ᠵᠢ ᠱᠤᠤ ᠶᠠᠨ ᠵᠢᠶᠦ᠋ᠨ ᠬᠤᠷᠠᠯ ᠳᠤ ᠰᠠᠭᠠᠲᠠᠵᠤ ᠶᠡᠷᠢᠶ᠎ᠠ ᠬᠢᠪᠡ᠂ ᠡᠦ ᠴᠢᠩ ᠬᠠᠢ᠂ ᠯᠢᠦ ᠰᠢ ᠯᠢᠨ᠂ ᠪᠠᠢ ᠶᠠᠨ ᠰᠢᠦᠸᠠᠢ᠂ ᠯᠢ ᠢᠦᠢ ᠹᠦ᠋᠂ ᠰᠦ᠋ᠸᠸ ᠮᠢᠩ ᠢᠦᠢ ᠵᠡᠷᠭᠡ ᠬᠤᠰᠢᠭᠤᠨ ᠤ ᠤᠳ᠋ᠤᠷᠢᠳ᠋ᠤᠯᠭ᠎ᠠ ᠬᠤᠷᠠᠯ ᠳᠤ ᠰᠠᠭᠠᠲᠠᠨ᠂ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠯ᠎ᠠ ᠠᠵᠢᠯ ᠤᠨ ᠵᠦ᠋ᠪᠯᠡᠯ ᠦᠨ ᠡᠷᠬᠢᠯᠡᠭ᠍ᠴᠢ᠂ ᠲᠡᠳ᠋ ᠡᠷᠬᠢᠯᠡᠭ᠍ᠴᠢ᠂ ᠬᠤᠰᠢᠭᠤᠨ ᠤ ᠰᠢᠭᠤᠳ ᠬᠠᠷᠢᠶᠠᠨ ᠤ ᠡᠯ᠎ᠠ ᠰᠠᠯᠠᠭ᠎ᠠ ᠮᠦ᠋ᠴᠢᠷ ᠤᠨ ᠭᠣᠤᠯ ᠬᠠᠷᠢᠭᠤᠴᠠᠯᠭᠠᠳ᠋ᠠᠨ᠂ ᠡᠯ᠎ᠠ ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠨᠠᠮ ᠵᠠᠰᠠᠭ ᠤᠨ ᠭᠣᠤᠯ ᠬᠠᠷᠢᠭᠤᠴᠠᠯᠭᠠᠳ᠋ᠠᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠲᠡᠷᠢᠭᠦᠯᠡᠭ᠍ᠴᠢ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ ᠡᠦ ᠴᠢᠩ ᠬᠠᠢ ᠡᠷᠬᠢᠯᠡᠪᠡ᠃

ᠱᠤᠤ ᠶᠠᠨ ᠵᠢᠶᠦ᠋ᠨ ᠡᠴᠡ᠂ ᠬᠤᠰᠢᠭᠤ᠂ ᠰᠤᠮᠤ ᠪᠠᠯᠭᠠᠰᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠬᠤᠰᠢᠭᠤᠨ ᠤ ᠨᠠᠮ ᠤᠨ ᠬᠤᠷᠢᠶᠠᠨ ᠤ ᠤᠳ᠋ᠤᠷᠢᠳ᠋ᠤᠯᠭ᠎ᠠ ᠲᠤᠤᠷ᠎ᠠ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠪᠤᠳ᠋ᠠᠳ᠋ᠤ ᠪᠠᠢ᠌ᠳ᠋ᠠᠯ ᠲᠡᠶ ᠤᠶᠠᠯᠳ᠋ᠤᠭᠤᠯᠤᠨ᠂ ᠡᠯ᠎ᠠ ᠲᠥᠷᠦᠯ ᠦᠨ ᠠᠵᠢᠯ ᠢ ᠲᠤᠭᠤᠰᠢᠯᠠᠭᠤᠯᠵᠤ ᠨᠠᠢ᠌ᠳ᠋ᠠᠪᠤᠷᠢᠵᠢᠭᠤᠯᠬᠤ ᠶᠢ ᠬᠠᠦᠯᠢ ᠴᠠᠭᠠᠵᠠ ᠲᠥᠷᠢᠮ ᠲᠤᠭᠳ᠋ᠠᠭᠠᠯ ᠤᠨ ᠲᠠᠯ᠎ᠠ ᠪᠠᠷ ᠪᠠᠳ᠋ᠤᠯᠠᠵᠦ᠂ ᠨᠠᠮ ᠡᠴᠡ ᠪᠦᠬᠦ ᠲᠠᠯ᠎ᠠ ᠶᠢ ᠬᠠᠮᠢᠶᠠᠷᠤᠨ᠂ ᠡᠯ᠎ᠠ ᠲᠠᠯ᠎ᠠ ᠶᠢᠨ ᠤᠳ᠋ᠤᠷᠢᠳᠬᠤ ᠭᠤᠤᠯᠯᠠᠭᠴᠢ ᠦᠢᠯᠡᠳ᠋ᠦᠯ ᠢ ᠭᠦᠢᠴᠡᠳ ᠪᠠᠳ᠋ᠠᠷᠠᠭᠤᠯᠤᠨ ᠲᠤᠬᠢᠷᠠᠭᠤᠯᠬᠤ ᠶᠢ ᠪᠠᠳ᠋ᠤᠯᠠᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠡᠯ᠎ᠠ ᠲᠥᠷᠥᠯ ᠦᠨ ᠠᠵᠢᠯ ᠨᠢ ᠨᠠᠮ ᠤᠨ ᠤᠳ᠋ᠤᠷᠢᠳ᠋ᠤᠯᠭ᠎ᠠ ᠶᠢ ᠴᠢᠩᠭ᠋ᠠᠳᠬᠠᠨ ᠲᠡᠭᠦᠯᠳ᠋ᠡᠷᠵᠢᠭᠦᠯᠬᠦ ᠲᠠᠯ᠎ᠠ ᠳᠤ ᠠᠰᠢᠭᠲᠠᠢ ᠪᠠᠢ᠌ᠬᠤ ᠶᠢ ᠪᠠᠲᠤᠯᠠᠬᠤ ᠬᠡᠷᠡᠭ᠍ᠲᠡᠢ᠃ ᠲᠠᠨᠢᠬᠤ᠂ ᠡᠵᠡᠮᠰᠢᠬᠦ᠂ ᠲᠠᠭᠠᠬᠤ ᠶᠡᠬᠡ ᠲᠠᠯ᠎ᠠ ᠶᠢ ᠴᠢᠬᠤᠯᠠ ᠪᠠᠢ᠌ᠷᠢᠨ ᠳᠤ ᠲᠠᠯᠪᠢᠨ᠂ ᠲᠣᠮᠤ ᠠᠰᠠᠭᠤᠳ᠋ᠠᠯ ᠢ ᠵᠢᠭᠠᠪᠤᠷᠢ ᠠᠪᠴᠦ ᠮᠡᠳ᠋ᠡᠭᠦᠯᠬᠦ ᠵᠡᠷᠭᠡ ᠬᠤᠰᠢᠭᠤᠨ ᠤ ᠨᠠᠮ ᠤᠨ ᠬᠤᠷᠢᠶ᠎ᠠ ᠡᠴᠡ ᠲᠤᠭᠳ᠋ᠠᠭᠠᠨ ᠭᠠᠷᠭᠠᠭᠰᠠᠨ ᠲᠥᠷᠢᠮ ᠲᠤᠭᠳ᠋ᠠᠭᠠᠯ ᠢ ᠨᠢᠭᠲᠠ ᠴᠢᠩᠭ᠎ᠠ ᠨᠠᠢ᠌ᠳ᠋ᠠᠪᠤᠷᠢᠵᠢᠭᠤᠯᠵᠤ᠂ ᠡᠯ᠎ᠠ ᠲᠥᠷᠥᠯ ᠦᠨ ᠠᠵᠢᠯ ᠨᠢ ᠨᠠᠮ ᠤᠨ ᠪᠦᠬᠦ ᠲᠠᠯ᠎ᠠ ᠶᠢᠨ ᠤᠳ᠋ᠤᠷᠢᠳ᠋ᠤᠯᠭ᠎ᠠ ᠶᠢ ᠡᠷᠡᠰ ᠴᠢᠩᠭ᠎ᠠ ᠪᠡᠶᠡᠯᠡᠭᠦᠯᠬᠦ ᠬᠡᠷᠡᠭ᠍ᠲᠡᠢ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠵᠢᠴᠢ ᠪᠠᠢ᠌ᠩᠭ᠋ᠤ ᠶᠢᠨ ᠬᠤᠷᠢᠶ᠎ᠠ ᠶᠡᠬᠡ ᠲᠠᠯ᠎ᠠ ᠳᠤ ᠦᠢᠯᠡᠴᠢᠯᠡᠬᠦ ᠲᠤᠮᠲᠠ ᠨᠠᠮ ᠤᠨ ᠤᠳ᠋ᠤᠷᠢᠳᠬᠤ ᠲᠤᠭᠤᠢ᠌ᠯᠠᠩ ᠤᠨ ᠦᠢᠯᠡᠳ᠋ᠦᠯ ᠢ ᠪᠠᠳ᠋ᠠᠷᠠᠭᠤᠯᠤᠨ᠂ ᠭᠤᠤᠯᠳ᠋ᠠᠯᠭ᠎ᠠ ᠶᠢᠨ ᠲᠤᠭᠤᠷᠢᠨ ᠳᠤ ᠲᠣᠮᠣ ᠤᠴᠢᠷ ᠢ ᠶᠠᠷᠢᠯᠴᠡᠨ ᠡᠵᠡᠮᠰᠢᠵᠦ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠭᠤᠣᠯ ᠠᠵᠢᠯ ᠲᠡᠶ ᠨᠢᠭᠲᠠ ᠤᠶᠠᠯᠳ᠋ᠤᠭᠤᠯᠬᠤ ᠶᠢ ᠪᠠᠳ᠋ᠤᠯᠠᠨ᠂ ᠬᠠᠷᠢᠭᠤᠴᠠᠯᠭ᠎ᠠ ᠶᠢ ᠴᠢᠩᠭ᠋ᠠᠳᠬᠠᠵᠦ᠂ ᠪᠦᠬᠦ ᠬᠣᠰᠢᠭᠤᠨ ᠤ ᠠᠵᠢᠯ ᠤᠨ ᠶᠡᠬᠡ ᠲᠠᠯ᠎ᠠ ᠳᠤ ᠲᠦ᠋ᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠭᠠᠷᠳ᠋ᠠᠬᠤ ᠴᠡᠭ᠌ ᠢ ᠡᠷᠢᠨ᠂ ᠠᠵᠢᠯ ᠤᠨ ᠬᠦᠴᠦᠯᠡᠬᠦ ᠴᠡᠭ᠌ ᠢᠶᠡᠨ ᠤᠨᠤᠴᠢᠯᠡᠵᠦ᠂ ᠬᠠᠦᠯᠢ ᠴᠠᠭᠠᠵᠠ ᠡᠴᠡ ᠤᠯᠭᠤᠭᠰᠠᠨ ᠡᠯ᠎ᠠ ᠲᠦ᠋ᠷᠥᠯ ᠦᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠡᠭᠦᠷᠭᠡᠯᠡᠨ᠂ ᠰᠢᠨ᠎ᠠ ᠴᠠᠭ ᠥᠶ᠎ᠠ ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠰᠢᠨ᠎ᠠ ᠠᠯᠬᠤᠴᠠ᠂ ᠰᠢᠨ᠎ᠠ ᠥᠷ᠎ᠠ ᠪᠦᠳ᠋ᠦᠮᠵᠢ ᠣᠯᠬᠤ ᠶᠢ ᠠᠬᠢᠭᠤᠯᠬᠤ ᠬᠡᠷᠡᠭ᠍ᠲᠡᠢ ᠭᠡᠵᠦ ᠴᠢᠬᠤᠯᠠᠴᠢᠯᠠᠪᠠ᠃
ᠬᠤᠷᠠᠯ ᠲᠡᠭᠡᠷ᠎ᠠ᠂ ᠬᠡᠰᠡᠭ ᠰᠤᠮᠤ ᠪᠠᠯᠭᠠᠰᠤᠨ ᠤ ᠨᠠᠮ ᠤᠨ ᠬᠣᠷᠢᠶ᠎ᠠ ᠪᠣᠯᠤᠨ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠠᠷᠢᠭᠤᠴᠠᠯᠭᠠᠳᠠᠨ ᠠᠷᠠᠳ ᠤᠨ ᠲᠥᠯᠦᠭᠡᠯᠡᠭᠴᠢᠳ ᠤᠨ ᠶᠡᠬᠡ ᠬᠤᠷᠠᠯ ᠤᠨ ᠠᠵᠢᠯ ᠤᠨ ᠲᠤᠮᠳᠠᠬᠢ ᠠᠮᠵᠢᠯᠳᠠ ᠲᠠᠢ ᠲᠤᠷᠰᠢᠯᠭ᠎ᠠ ᠪᠣᠯᠤᠨ ᠠᠷᠭ᠎ᠠ ᠬᠢᠳᠠᠯ ᠤᠨ ᠲᠤᠬᠠᠢ ᠰᠠᠨᠠᠯ ᠢᠶᠡᠨ ᠰᠣᠯᠢᠯᠴᠠᠬᠤ ᠶᠡᠷᠢᠶ᠎ᠡ ᠲᠠᠯᠪᠢᠪᠠ᠃(ᠯᠸᠢ ᠫᠠᠩ)