ᠤᠳᠤ ᠶᠢᠨ ᠪᠠᠢ᠌ᠷᠢ᠄ ᠴᠢᠬᠤᠯᠠ ᠮᠡᠳᠡᠭᠡ → ᠵᠡᠭᠦᠨ ᠦᠵᠦᠮᠦᠴᠢᠨ ᠬᠣᠰᠢᠭᠤᠨ ᠤ ᠠᠷᠠᠳ ᠤᠨ᠁
ᠵᠡᠭᠦᠨ ᠦᠵᠦᠮᠦᠴᠢᠨ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠶᠢᠨ ᠲᠤᠭᠤᠷᠢᠨ ᠪᠠᠢ᠌ᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠵᠤ ᠰᠠᠨᠠᠯ ᠶᠢᠡᠨ ᠰᠤᠯᠢᠯᠴᠠᠪᠠ

       
        3 ᠰᠠᠷ᠎ᠠ ᠶᠢᠨ 14 ᠦ ᠡᠳ᠋ᠦᠷ ᠡᠴᠡ 15 ᠤ ᠡᠳ᠋ᠦᠷ ᠪᠤᠯᠳ᠋ᠠᠯ᠎ᠠ᠂ ᠰᠢᠯᠢ ᠶᠢᠨ ᠭᠣᠤᠯ ᠠᠢ᠌ᠮᠠᠭ ᠤᠨ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠦᠨ ᠡᠷᠬᠢᠯᠡᠭ᠍ᠴᠢ ᠰᠠᠷᠠᠨᠴᠤᠭᠲᠤ ᠲᠤᠭᠤᠷᠢᠨ ᠪᠠᠢ᠌ᠴᠠᠭᠠᠬᠤ ᠪᠦᠯᠬᠦᠮ ᠲᠠᠭᠠᠭᠤᠯᠤᠨ ᠮᠠᠨ ᠤ ᠬᠤᠰᠢᠭᠤᠨ ᠳᠤ ᠢᠷᠡᠵᠦ ᠲᠤᠭᠤᠷᠢᠨ ᠪᠠᠢ᠌ᠴᠠᠭᠠᠵᠤ ᠰᠠᠨᠠᠯ ᠶᠢᠡᠨ ᠰᠤᠯᠢᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ  ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠵᠢᠴᠢ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠪᠠᠷ᠎ᠠ ᠪᠣᠯᠵᠤ ᠲᠤᠭᠤᠷᠢᠨ ᠪᠠᠢ᠌ᠴᠠᠭᠠᠪᠠ᠃

        
        ᠲᠤᠭᠤᠷᠢᠨ ᠪᠠᠢ᠌ᠴᠠᠭᠠᠬᠤ ᠪᠦᠯᠬᠦᠮ ᠤᠷᠢᠳ ᠬᠣᠵᠢᠳ ᠳᠤᠯᠤᠲᠤ ᠰᠤᠮᠤ ᠶᠢᠨ ᠳ᠋ᠠ ᠮᠢ ᠬᠤᠸᠠ ᠭᠠᠴᠠᠭᠠᠨ ᠤ ᠬᠤᠷᠴᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠭᠠᠳ᠋ᠠᠰᠤ ᠦᠷᠡᠰ ᠮᠠᠯ ᠢ ᠦᠷᠡᠵᠢᠭᠦᠯᠦᠨ ᠪᠣᠢ᠌ᠵᠢᠭᠤᠯᠬᠤ ᠲᠥᠪ ᠦᠨ ᠸᠸᠢ ᠸᠸᠢ ᠶᠢᠨ ᠲᠡᠵᠢᠭᠡᠨ ᠦᠷᠡᠵᠢᠭᠦᠯᠬᠦ ᠲᠠᠯᠠᠪᠠᠢ᠂ ᠵᠸᠨ ᠳ᠋ᠦ᠋ᠩ ᠦᠨ ᠲᠡᠵᠢᠭᠡᠨ ᠦᠷᠡᠵᠢᠭᠦᠯᠬᠦ ᠲᠠᠯᠠᠪᠠᠢ᠂ ᠵᠦ ᠲᠢᠩ ᠹᠸᠩ ᠦᠨ ᠲᠡᠵᠢᠭᠡᠨ ᠦᠷᠡᠵᠢᠭᠦᠯᠬᠦ ᠡᠷᠦᠬᠡ ᠳ᠋ᠦ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠮᠠᠨ ᠤ ᠬᠤᠰᠢᠭᠤᠨ ᠤ ᠬᠦᠳ᠋ᠡᠭᠡ ᠲᠤᠰᠬᠤᠨ ᠢ ᠬᠦᠭ᠍ᠵᠢᠭᠦᠯᠦᠨ ᠮᠠᠨᠳ᠋ᠤᠭᠤᠯᠬᠤ ᠪᠠᠢ᠌ᠯᠳ᠋ᠤᠬᠤ ᠪᠣᠳ᠋ᠤᠯᠭ᠎ᠠ᠂ ᠮᠠᠯ ᠠᠵᠤ ᠠᠬᠤᠢ ᠶᠢᠨ ᠬᠦᠭ᠍ᠵᠢᠯᠳ᠋ᠡ ᠪᠤᠯᠤᠨ ᠠᠷᠠᠳ ᠤᠨ ᠲᠦ᠋ᠯᠦᠭᠡᠯᠡᠭ᠍ᠴᠢᠳ ᠠᠵᠤ ᠦᠢᠯᠡᠰ ᠦᠨ ᠬᠡᠯᠪᠡᠷᠢ ᠶᠢᠨ ᠬᠤᠪᠢᠷᠠᠯᠳ᠋ᠠ ᠳᠤ ᠬᠦᠴᠦᠨ ᠨᠡᠮᠡᠷᠢᠯᠡᠭ᠍ᠰᠡᠨ ᠪᠠ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠲᠤᠭᠤᠷᠢᠨ ᠪᠠᠢ᠌ᠴᠠᠭᠠᠪᠠ᠃ (ᠯᠸᠢ ᠫᠠᠩ)

ᠡᠮᠦᠨᠡᠬᠢ᠄ ᠵᠠᠷᠤᠳ ᠬᠤᠰᠢᠭᠤᠨ ᠤ ᠨᠠᠮ ᠤᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠬᠤᠷᠠᠯᠳ᠋ᠤᠭᠤᠯᠪᠠ
ᠳᠠᠷᠠᠭᠠᠬᠢ᠄ ᠠᠷᠠᠳ ᠤᠨ ᠲᠦ᠋ᠯᠦᠭᠡᠯᠡᠭ᠍ᠴᠢᠳ ᠦᠨ ᠪᠣᠯᠪᠠᠰᠤᠷᠠᠯ ᠢ ᠴᠢᠩᠭ᠋ᠠᠳᠬᠠᠵᠤ ᠠᠷᠠᠳ ᠤᠨ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠪᠡ