ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ᠁
ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 2022 ᠣᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠪᠤᠯᠤᠨ ᠨᠠᠮ ᠤᠨ ᠭᠡᠰᠢᠭᠦᠨ ᠢ ᠠᠷᠠᠳᠴᠢᠯᠡᠯ ᠶᠢᠡᠷ ᠦᠨᠡᠯᠡᠬᠦ ᠬᠤᠷᠠᠯ ᠬᠤᠷᠠᠯᠳ᠋ᠤᠭᠤᠯᠪᠠ

       
        3 ᠰᠠᠷ᠎ᠠ ᠶᠢᠨ 15 ᠤ ᠡᠳ᠋ᠤᠷ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ 2022 ᠣᠨ ᠤ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠪᠤᠯᠤᠨ ᠨᠠᠮ ᠤᠨ ᠭᠡᠰᠢᠭᠦᠨ ᠢ ᠠᠷᠠᠳᠴᠢᠯᠡᠯ ᠶᠢᠡᠷ ᠦᠨᠡᠯᠡᠬᠦ ᠬᠤᠷᠠᠯ ᠬᠤᠷᠠᠯᠳ᠋ᠤᠭᠤᠯᠪᠠ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠩ ᠦᠨ ᠨᠠᠮ ᠤᠨ ᠭᠡᠰᠢᠭᠦᠨ ᠦ ᠬᠤᠪᠢ ᠪᠠᠷ ᠬᠤᠷᠠᠯ ᠳᠤ ᠰᠠᠭᠠᠲᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠬᠤᠷᠠᠯ ᠳᠤ ᠤᠷᠤᠯᠴᠠᠵᠤ᠂ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ ᠯᠢ ᠴᠸᠩ ᠬᠦᠸᠸ ᠬᠤᠷᠠᠯ ᠡᠷᠬᠢᠯᠡᠪᠡ᠃

         
        ᠬᠤᠷᠠᠯ ᠡᠴᠡ ᠡᠮᠦᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠦ᠋ᠪᠯᠡᠷᠡᠨ ᠰᠤᠷᠤᠯᠴᠠᠬᠤ ᠪᠤᠯᠤᠨ ᠦᠪᠡᠷᠳ᠋ᠡᠭᠡᠨ ᠰᠤᠷᠤᠯᠴᠠᠬᠤ ᠵᠡᠷᠭᠡ ᠬᠡᠯᠪᠡᠷᠢ ᠪᠡᠷ ᠲᠠᠮᠵᠢᠨ᠂ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠡᠨ ᠤᠢ᠌ᠯᠠᠭᠠᠬᠤ ᠶᠢᠨ ᠬᠠᠮᠳ᠋ᠤ᠂ ᠪᠦᠬᠦ ᠨᠠᠮ ᠤᠨ ᠭᠡᠰᠢᠭᠦᠨ ᠺᠠᠳ᠋ᠷᠴᠤᠳ ᠡᠴᠡ ᠨᠠᠮ ᠤᠨ ᠡᠭᠦᠷ ᠦᠨ ᠤᠳ᠋ᠤᠷᠢᠳᠬᠤ ᠪᠠᠭ ᠪᠤᠯᠤᠨ ᠤᠳ᠋ᠤᠷᠢᠳᠬᠤ ᠪᠠᠭ ᠤᠨ ᠭᠡᠰᠢᠭᠦᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠰᠡᠳᠭᠢᠯ ᠤᠨ ᠦᠭᠡ ᠪᠡᠨ ᠶᠠᠷᠢᠯᠴᠠᠬᠤ ᠶᠢ ᠭᠦᠨᠵᠡᠭᠡᠢ ᠦᠷᠨᠢᠭᠦᠯᠦᠨ᠂ 《ᠭᠤᠷᠪᠠᠨ ᠵᠠᠪᠠᠯ ᠶᠠᠷᠢᠯᠴᠠᠬᠤ》 ᠱᠠᠭᠠᠷᠳ᠋ᠠᠯᠭ᠎ᠠ ᠶᠢ ᠨᠠᠢ᠌ᠳ᠋ᠠᠪᠤᠷᠢᠵᠢᠭᠤᠯᠵᠤ᠂ ᠪᠠᠷᠢᠮᠵᠢᠶᠠᠯᠠᠨ ᠬᠠᠷᠭᠤᠭᠤᠯᠵᠤ ᠠᠰᠠᠭᠤᠳ᠋ᠠᠯ ᠢ ᠪᠠᠢ᠌ᠴᠠᠭᠠᠨ ᠲᠡᠯᠭᠡᠨ᠂ ᠤᠳ᠋ᠤᠷᠢᠳᠬᠤ ᠪᠠᠭ ᠵᠢᠴᠢ ᠬᠤᠪᠢ ᠬᠦᠮᠦᠨ ᠬᠠᠷᠭᠤᠭᠤᠯᠤᠨ ᠪᠠᠢ᠌ᠴᠠᠭᠠᠬᠤ ᠮᠠᠲ᠋ᠸᠷᠢᠶᠠᠯ ᠶᠢᠡᠨ ᠨᠠᠷᠢᠨ ᠬᠢᠨᠠᠮᠠᠭᠠᠢ ᠪᠢᠴᠢᠵᠦ᠂ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠢ ᠰᠠᠢ᠌ᠳ᠋ᠤᠷ ᠬᠢᠬᠦ ᠳ᠋ᠦ ᠪᠠᠲᠤ ᠪᠡᠬᠢ ᠦᠵᠡᠯ ᠰᠠᠨᠠᠭᠠᠨ ᠤ ᠰᠠᠭᠤᠷᠢ ᠶᠢ ᠲᠠᠯᠪᠢᠪᠠ᠃

         
        ᠨᠠᠮ  ᠤᠨ ᠡᠭᠦᠷ ᠦᠨ ᠬᠤᠷᠠᠯ ᠬᠢᠵᠦ᠂ ᠯᠢ ᠴᠸᠩ ᠭᠦᠸᠸ ᠨᠠᠮ ᠤᠨ ᠡᠭᠦᠷ ᠦᠨ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠳᠤ ᠰᠠᠨᠠᠯ ᠬᠤᠷᠢᠶᠠᠨ᠂ ᠬᠤᠷᠠᠯ ᠡᠴᠡ ᠡᠮᠦᠨᠡᠬᠢ ᠪᠡᠯᠡᠳᠭᠡᠯ ᠠᠵᠢᠯ ᠤᠨ ᠪᠠᠢ᠌ᠳ᠋ᠠᠯ ᠢ ᠨᠡᠪᠳ᠋ᠡᠷᠡᠭᠡᠭ᠍ᠰᠡᠨ ᠪᠦᠭᠡᠳ ᠤᠳ᠋ᠤᠷᠢᠳᠬᠤ ᠪᠠᠭ ᠢ ᠲᠦ᠋ᠯᠤᠭᠡᠯᠡᠨ ᠬᠠᠷᠭᠤᠭᠤᠯᠤᠭᠰᠨᠨ ᠪᠠᠢ᠌ᠴᠠᠭᠠᠯᠳ᠋ᠠ ᠶᠢᠨ ᠮᠡᠳ᠋ᠡᠬᠦᠯᠤᠯᠳ᠋ᠠ ᠬᠢᠵᠤ᠂ ᠪᠠᠭ ᠤᠨ ᠪᠦᠷᠢᠯᠳ᠋ᠤᠬᠦᠨ ᠭᠡᠰᠢᠬᠦᠨ ᠲᠠᠷᠠᠭᠠᠯᠠᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠬᠦ ᠶᠢᠨ ᠬᠠᠮᠳ᠋ᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠬᠢᠪᠡ᠃ 

         
        ᠨᠠᠮ ᠤᠨ ᠪᠠᠭ᠎ᠠ ᠲᠤᠭᠤᠢ᠌ᠯᠠᠩ ᠤᠨ ᠬᠤᠷᠠᠯ ᠬᠤᠷᠠᠯᠳ᠋ᠤᠭᠤᠯᠵᠤ᠂ ᠪᠠᠢ᠌ᠭᠤᠯᠭ᠎ᠠ ᠶᠢᠨ ᠨᠠᠮ ᠤᠨ ᠡᠭᠦᠷ ᠦᠨ ᠭᠤᠷᠪᠠᠨ ᠪᠠᠭ᠎ᠠ ᠲᠤᠭᠤᠢ᠌ᠯᠠᠩ ᠲᠤᠰ ᠲᠤᠰ ᠨᠠᠮ ᠤᠨ ᠪᠠᠭ᠎ᠠ ᠲᠤᠭᠤᠢ᠌ᠯᠠᠩ ᠤᠨ ᠬᠤᠷᠠᠯ ᠬᠢᠵᠦ᠂ ᠪᠦᠬᠦ ᠨᠠᠮ ᠤᠨ ᠭᠡᠰᠢᠭᠦᠳ ᠲᠠᠷᠠᠭᠠᠯᠠᠨ ᠬᠠᠷᠭᠤᠭᠤᠯᠤᠭᠰᠨᠨ ᠪᠠᠢ᠌ᠴᠠᠭᠠᠯᠳ᠋ᠠ ᠬᠢᠬᠦ ᠶᠢᠨ ᠬᠠᠮᠳ᠋ᠤ᠂ ᠰᠢᠬᠦᠮᠵᠢᠯᠡᠯ ᠪᠠ ᠦᠪᠡᠷ ᠤᠨ ᠰᠢᠬᠦᠮᠵᠢᠯᠠᠯ ᠬᠢᠪᠡ᠃ ᠬᠤᠰᠢᠭᠤᠨ ᠤ ᠠᠷᠠᠳ ᠤᠨ ᠲᠦ᠋ᠯᠤᠭᠡᠯᠡᠭ᠍ᠴᠢᠳ ᠤᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠩ ᠦᠨ ᠨᠠᠮ ᠤᠨ ᠭᠡᠰᠢᠭᠦᠨ ᠦ ᠬᠤᠪᠢ ᠪᠠᠷ ᠨᠠᠮ ᠤᠨ ᠪᠠᠭ᠎ᠠ ᠲᠤᠭᠤᠢ᠌ᠯᠠᠩ ᠤᠨ ᠵᠤᠬᠢᠶᠠᠨ ᠪᠠᠢ᠌ᠭᠤᠯᠤᠯᠳ᠋ᠠ ᠶᠢᠨ ᠠᠮᠢᠳ᠋ᠤᠷᠠᠯ ᠤᠨ ᠬᠤᠷᠠᠯ ᠳᠤ ᠰᠠᠭᠠᠲᠠᠵᠤ᠂ ᠲᠦ᠋ᠷᠦᠭᠦᠯᠡᠨ ᠰᠢᠭᠦᠮᠵᠢᠯᠡᠯ ᠪᠠ ᠦᠪᠡᠷ ᠦᠨ ᠰᠢᠭᠦᠮᠵᠢᠯᠡᠯ ᠬᠢᠪᠡ᠃

        
        ᠨᠠᠮ ᠤᠨ ᠭᠡᠰᠢᠭᠦᠨ ᠢ ᠠᠷᠠᠳᠴᠢᠯᠡᠯ ᠶᠢᠡᠷ ᠦᠨᠡᠯᠡᠬᠦ ᠬᠤᠷᠠᠯ ᠬᠢᠵᠦ᠂ ᠨᠠᠮ ᠤᠨ ᠡᠭᠦᠷ ᠦᠨ ᠱᠦ᠋ᠵᠢ ᠯᠢ ᠴᠸᠩ ᠭᠦᠸᠸ ᠨᠠᠮ ᠤᠨ ᠡᠭᠦᠷ ᠢ ᠲᠦ᠋ᠯᠦᠭᠡᠯᠡᠨ ᠠᠵᠢᠯ ᠤᠨ ᠮᠡᠳ᠋ᠡᠭᠦᠯᠦᠯᠳ᠋ᠡ  ᠬᠢᠵᠦ᠂ ᠨᠠᠮ ᠤᠨ ᠡᠭᠦᠷ ᠦᠨ ᠡᠷᠢᠵᠦ ᠭᠠᠷᠭᠠᠭᠰᠠᠨ ᠠᠰᠠᠭᠤᠳ᠋ᠠᠯ ᠢ ᠨᠡᠪᠳ᠋ᠡᠷᠡᠭᠡᠭ᠍ᠰᠡᠨ ᠪᠦᠭᠡᠳ ᠨᠠᠮ ᠤᠨ ᠭᠡᠰᠢᠭᠦᠨ ᠦ ᠨᠠᠮ ᠤᠨ ᠡᠭᠦᠷ ᠦᠨ ᠤᠳ᠋ᠤᠷᠢᠳᠬᠤ ᠪᠠᠭ ᠲᠤ ᠦᠨᠡᠯᠡᠯᠳ᠋ᠡ ᠬᠢᠬᠦ ᠶᠢ ᠬᠦᠯᠢᠶᠡᠨ ᠠᠪᠤᠪᠠ᠃ ᠬᠤᠷᠠᠯ ᠲᠡᠭᠡᠷ᠎ᠠ ᠠᠷᠠᠳᠴᠢᠯᠡᠯ ᠶᠢᠡᠷ ᠨᠠᠮ ᠤᠨ ᠭᠡᠰᠢᠭᠦᠨ ᠢ ᠦᠨᠡᠯᠡᠬᠦ ᠬᠦᠰᠦᠨᠦᠭ᠍ᠳ᠋ᠦ ᠲᠠᠷᠬᠠᠭᠠᠬᠤ ᠬᠡᠯᠪᠡᠷᠢ ᠪᠡᠷ ᠰᠢᠯᠢᠳ᠋ᠡᠭ᠌᠂ ᠬᠢᠷᠢ ᠲᠡᠩᠴᠡᠭ᠍ᠰᠡᠨ᠂ ᠦᠨᠳ᠋ᠦᠰᠦᠨ ᠳ᠋ᠡᠬᠡᠨ ᠬᠢᠷᠢ ᠲᠡᠩᠴᠡᠭ᠍ᠰᠡᠨ ᠪᠤᠯᠤᠨ ᠬᠢᠷᠢ ᠲᠡᠩᠴᠡᠭ᠍ᠰᠡᠨ ᠦᠭᠡᠶ ᠵᠡᠷᠭᠡ ᠲᠥᠷᠪᠡᠨ ᠵᠦ᠋ᠢᠯ ᠦᠨ ᠲᠡᠰ ᠶᠢᠡᠷ ᠪᠠᠢ᠌ᠭᠤᠯᠭ᠎ᠠ ᠶᠢᠨ ᠨᠠᠮ ᠤᠨ ᠭᠡᠰᠢᠭᠦᠳ ᠲᠤ ᠠᠷᠠᠳᠴᠢᠯᠡᠯ ᠤᠨ ᠰᠢᠯᠭᠠᠨ ᠦᠨᠡᠯᠡᠯᠳ᠋ᠡ ᠬᠢᠪᠡ᠃ (ᠯᠸᠢ ᠫᠠᠩ)

ᠡᠮᠦᠨᠡᠬᠢ᠄ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ 2022 ᠣᠨ ᠤ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠵᠢᠴᠢ ᠬᠡᠷᠡᠭ᠌ ᠶᠢᠡᠷ ᠵᠠᠰᠠᠨ ᠠᠬᠢᠭᠤᠯᠬᠤ ᠲᠤᠰᠬᠠᠢ ᠰᠡᠳ᠋ᠦᠪᠳ᠋ᠦ ᠠᠷᠠᠳᠴᠢᠯᠠᠯ ᠤᠨ ᠠᠮᠢᠳ᠋ᠤᠷᠠᠯ ᠤᠨ ᠬᠤᠷᠠᠯ ᠦᠨ ᠰᠤᠳ᠋ᠤᠯᠤᠨ ᠶᠠᠷᠢᠯᠴᠠᠬᠤ ᠬᠤᠷᠠᠯ ᠬᠤᠷᠠᠯᠳ᠋ᠤᠭᠤᠯᠪᠠ
ᠳᠠᠷᠠᠭᠠᠬᠢ᠄ ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ《ᠤᠯᠤᠰ ᠶᠢᠡᠨ ᠬᠠᠢ᠌ᠷᠠᠯᠠᠬᠤ ᠡᠷᠡᠭᠦᠯ ᠬᠠᠮᠠᠭᠠᠯᠠᠯ ᠤᠨ ᠬᠦᠳ᠋ᠡᠯᠭᠡᠭᠡᠨ》 ᠤ ᠭᠣᠣᠯ ᠰᠡᠳ᠋ᠦᠪᠳ᠋ᠦ ᠨᠠᠮ ᠤᠨ ᠡᠳ᠋ᠦᠷ ᠦᠨ ᠠᠵᠢᠯᠯᠠᠭ᠎ᠠ ᠦᠷᠨᠢᠭᠦᠯᠪᠡ