ᠪᠠᠶᠠᠨᠳ᠋ᠠᠯ᠎ᠠ ᠰᠤᠮᠤᠨ ᠤ ᠠᠷᠪᠠ ᠶᠢᠰᠦᠳ᠋ᠦᠭᠡᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠪᠠ

3 ᠰᠠᠷ᠎ᠠ ᠶᠢᠨ10 ᠤ ᠡᠳ᠋ᠦᠷ᠂ ᠪᠠᠶᠠᠨᠳ᠋ᠠᠯ᠎ᠠ ᠰᠤᠮᠤᠨ ᠤ ᠠᠷᠪᠠ ᠶᠢᠰᠦᠳ᠋ᠦᠭᠡᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠷᠪᠠᠳ᠋ᠤᠭᠠᠷ ᠬᠤᠷᠠᠯᠳ᠋ᠤᠭᠠᠨ ᠠᠮᠵᠢᠯᠳ᠋ᠡ ᠲᠡᠶ ᠬᠤᠷᠠᠯᠳ᠋ᠤᠵᠤ᠂ ᠬᠤᠷᠠᠯ ᠳᠤ ᠪᠣᠳ᠋ᠠᠳ᠋ᠠᠢ ᠤᠷᠤᠯᠴᠠᠭᠰᠠᠨ ᠨᠢ 51 ᠲᠦ᠋ᠯᠦᠭᠡᠯᠡᠭ᠍ᠴᠢ᠂ ᠬᠠᠦᠯᠢ ᠳᠤ ᠲᠤᠭᠳ᠋ᠠᠭᠰᠠᠨ ᠬᠦᠮᠦᠨ ᠦ ᠲᠤᠭᠠᠨ ᠳ᠋ᠦ ᠨᠡᠢ᠌ᠴᠡᠪᠡ᠃

ᠬᠤᠷᠠᠯ ᠲᠡᠭᠡᠷ᠎ᠠ《ᠠᠷᠠᠳ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ》《ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠵᠢᠯ ᠤᠨ ᠮᠡᠳ᠋ᠡᠭᠦᠯᠦᠯᠳ᠋ᠡ》 ᠶᠢ ᠰᠤᠨᠤᠰᠴᠦ ᠬᠢᠨᠠᠨ ᠵᠦ᠋ᠪᠯᠡᠭ᠍ᠰᠡᠨ ᠪᠦᠭᠡᠳ 2023 ᠣᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠦᠯ ᠵᠦ᠋ᠢᠯ ᠢ ᠪᠢᠯᠸᠲ ᠦᠭ᠍ᠴᠦ ᠲᠤᠭᠳ᠋ᠠᠭᠠᠪᠠ᠃ (ᠯᠸᠢ ᠫᠠᠩ)