ᠯᠦ᠋ᠪᠸᠢ ᠪᠠᠯᠭᠠᠰᠤ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠲᠤᠰᠬᠠᠢ ᠰᠡᠳ᠋ᠦᠪᠳ᠋ᠦ ᠪᠣᠯᠪᠠᠰᠤᠷᠠᠯ ᠤᠨ ᠬᠤᠷᠠᠯ ᠬᠤᠷᠠᠯᠳ᠋ᠤᠭᠤᠯᠪᠠ

ᠤᠢ᠌ᠷ᠎ᠠ ᠶᠢᠨ ᠡᠳ᠋ᠦᠷ᠂ ᠯᠦ᠋ᠪᠸᠢ ᠪᠠᠯᠭᠠᠰᠤ ᠠᠷᠪᠠᠨ ᠨᠢ᠋ᠮᠠᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠲᠤᠰᠬᠠᠢ ᠰᠡᠳ᠋ᠦᠪᠳ᠋ᠦ ᠪᠣᠯᠪᠠᠰᠤᠷᠠᠯ ᠤᠨ ᠬᠤᠷᠠᠯ ᠬᠤᠷᠠᠯᠳ᠋ᠤᠭᠤᠯᠵᠤ᠂ 90 ᠭᠠᠷᠤᠢ ᠠᠷᠠᠳ ᠤᠨ ᠲᠦ᠋ᠯᠦᠭᠡᠯᠡᠭ᠍ᠴᠢᠳ ᠪᠣᠯᠪᠠᠰᠤᠷᠠᠯ ᠳᠤ ᠤᠷᠤᠯᠴᠠᠪᠠ᠃
ᠲᠤᠰ ᠤᠳ᠋ᠠᠭᠠᠨ ᠤ ᠪᠣᠯᠪᠠᠰᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠡᠳ᠋ ᠵᠠᠬᠢᠷᠤᠯ ᠭᠦᠸᠸ ᠰᠢᠶᠤᠤ ᠴᠢᠶᠠᠨ ᠢ ᠤᠷᠢᠵᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢᠨ ᠲᠤᠰᠬᠠᠢ ᠰᠡᠳ᠋ᠦᠪᠳ᠋ᠦ ᠲᠠᠢ᠌ᠯᠪᠤᠷᠢᠯᠡᠯ ᠬᠢᠪᠡ᠃ (ᠯᠸᠢ ᠫᠠᠩ)