ᠠᠷᠠᠳ ᠤᠨ ᠲᠦ᠋ᠯᠦᠭᠡᠯᠡᠭ᠍ᠴᠢᠳ ᠦᠨ ᠪᠣᠯᠪᠠᠰᠤᠷᠠᠯ ᠢ ᠴᠢᠩᠭ᠋ᠠᠳᠬᠠᠵᠤ ᠠᠷᠠᠳ ᠤᠨ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠶᠢ ᠲᠡᠭᠡᠭ᠍ᠰᠢᠯᠡᠭᠦᠯᠪᠡ

ᠠᠷᠠᠳ ᠤᠨ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠦᠢᠯᠡᠳ᠋ᠦᠯ ᠢ ᠨᠡᠩ ᠰᠠᠢ᠌ᠳ᠋ᠤᠷ ᠪᠠᠳ᠋ᠠᠷᠠᠭᠤᠯᠬᠤ ᠶᠢᠨ ᠲᠥᠯᠥᠭᠡ᠂ ᠤᠢ᠌ᠷ᠎ᠠ ᠶᠢᠨ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠪᠣᠯᠪᠠᠰᠤᠷᠠᠯ ᠢ ᠴᠢᠬᠤᠯᠠᠴᠢᠯᠡᠨ ᠠᠳᠬᠤᠬᠤ ᠶᠢ ᠪᠠᠷᠢᠮᠳ᠋ᠠᠯᠡᠵᠦ᠂ ᠬᠡᠯᠪᠡᠷᠢ ᠶᠢ ᠲᠠᠰᠤᠷᠠᠯᠳ᠋ᠡ ᠦᠭᠡᠶ ᠪᠠᠶᠠᠯᠢᠭᠵᠢᠭᠤᠯᠤᠨ᠂ ᠠᠷᠭ᠎ᠠ ᠪᠠᠨ ᠰᠢᠨᠡᠳᠭᠡᠵᠦ᠂ ᠠᠷᠠᠳ ᠤᠨ ᠲᠦ᠋ᠯᠦᠭᠡᠯᠡᠭ᠍ᠴᠢᠳ ᠦᠨ ᠬᠠᠦᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳ᠋ᠠᠪᠤᠷᠢ ᠪᠤᠯᠤᠨ ᠬᠢᠷᠢ ᠲᠦ᠋ᠪᠰᠢᠨ ᠢ ᠤᠯᠠᠮ ᠨᠢᠭᠡ ᠠᠯᠬᠤᠮ ᠲᠡᠭᠡᠭ᠍ᠰᠢᠯᠡᠭᠦᠯᠦᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠴᠢᠨᠠᠷ ᠢ ᠲᠡᠭᠡᠭ᠍ᠰᠢᠯᠡᠭᠦᠯᠦᠨ ᠦᠷ᠎ᠠ ᠠᠰᠢᠭ ᠢ ᠨᠡᠮᠡᠭ᠍ᠳ᠋ᠡᠭᠦᠯᠬᠦ ᠶᠢ ᠠᠬᠢᠭᠤᠯᠪᠠ᠃
ᠨᠠᠷᠢᠨ ᠨᠢᠮᠪᠠᠢ ᠲᠥᠯᠦᠪᠯᠡᠵᠦ᠂ ᠪᠣᠯᠪᠠᠰᠤᠷᠠᠯ ᠤᠨ ᠵᠠᠭᠪᠤᠷ ᠤᠨ ᠰᠢᠨ᠎ᠠ ᠶᠢ ᠡᠭᠦᠳᠪᠡ᠃ ᠬᠤᠷᠠᠯ ᠡᠴᠡ ᠡᠮᠦᠨ᠎ᠠ ᠲᠦ᠋ᠪᠯᠡᠷᠡᠨ ᠪᠣᠯᠪᠠᠰᠤᠷᠠᠭᠤᠯᠬᠤ᠂ ᠬᠤᠷᠠᠯ ᠤᠨ ᠲᠠᠷᠠᠭ᠎ᠠ ᠲᠤᠭᠳ᠋ᠠᠭᠰᠠᠨ ᠬᠤᠭᠤᠴᠠᠭ᠎ᠠ ᠲᠡᠶ ᠪᠤᠯᠪᠠᠰᠤᠷᠠᠭᠤᠯᠬᠤ᠂ ᠴᠢᠬᠤᠯᠠ ᠵᠦ᠋ᠢᠯᠡᠰ ᠢ ᠴᠠᠭ ᠲᠤᠬᠠᠢ ᠳ᠋ᠤᠨᠢ ᠲᠤᠬᠢᠷᠠᠭᠤᠯᠤᠨ ᠪᠣᠯᠪᠠᠰᠤᠷᠠᠭᠤᠯᠬᠤ᠂ ᠲᠥᠷᠥᠯ ᠤᠳ᠋ᠠᠭ᠎ᠠ ᠬᠤᠪᠢᠶᠠᠨ ᠪᠣᠯᠪᠠᠰᠤᠷᠠᠭᠤᠯᠬᠤ ᠵᠡᠷᠭᠡ 《ᠲᠥᠷᠪᠡᠨ ᠠᠯᠬᠤᠮ ᠶᠠᠪᠤᠬᠤ》 ᠪᠤᠯᠪᠠᠰᠤᠷᠠᠯ ᠤᠨ ᠬᠡᠯᠪᠡᠷᠢ ᠶᠢ ᠡᠭᠦᠳ᠋ᠦᠨ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠳ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠪᠠ ᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯᠯᠠᠭᠴᠢ ᠳᠤ ᠬᠠᠤᠯᠢ ᠴᠠᠭᠠᠵᠠ ᠬᠠᠦᠯᠢ ᠲᠤᠭᠳ᠋ᠠᠭᠠᠯ ᠪᠤᠯᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠤᠬᠠᠢ᠌ᠯᠠᠭᠰᠠᠨ ᠠᠵᠢᠯ ᠤᠨ ᠮᠡᠳ᠋ᠡᠯᠭᠡ ᠶᠢ ᠰᠤᠷᠤᠯᠴᠠᠬᠤ ᠪᠣᠯᠪᠠᠰᠤᠷᠠᠯ ᠢ ᠴᠢᠩᠭ᠋ᠠᠳᠬᠠᠪᠠ᠃ 2022 ᠣᠨ ᠬᠤᠭᠤᠴᠠᠭ᠎ᠠ ᠰᠤᠯᠢᠭᠰᠠᠨ ᠡᠴᠡ ᠨᠠᠭᠠᠰᠢ᠂ ᠬᠤᠳ᠋ᠠ᠂ ᠬᠤᠰᠢᠭᠤ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠢ 4 ᠬᠤᠭᠤᠴᠠᠭ᠎ᠠ ᠲᠦ᠋ᠪᠯᠡᠷᠡᠭᠦᠯᠦᠨ ᠪᠤᠯᠪᠠᠰᠤᠷᠠᠭᠤᠯᠵᠤ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠦᠷᠢᠯᠳ᠋ᠦᠭᠦᠨ ᠭᠡᠰᠢᠭᠦᠳ ᠢ 2 ᠬᠤᠭᠤᠴᠠᠭ᠎ᠠ ᠪᠤᠯᠪᠠᠰᠤᠷᠠᠭᠤᠯᠤᠨ᠂ ᠪᠦᠬᠦ ᠬᠤᠰᠢᠭᠤᠨ ᠤ 16 ᠰᠤᠮᠤ ᠪᠠᠯᠭᠠᠰᠤᠨ (ᠵᠡᠭᠡᠯᠢ ᠭᠤᠳ᠋ᠤᠮᠵᠢ) ᠤ ᠠᠷᠠᠳ ᠤᠨ ᠲᠦ᠋ᠯᠦᠭᠡᠯᠡᠭ᠍ᠴᠢᠳ ᠢ 2 ᠬᠤᠭᠤᠴᠠᠭ᠎ᠠ 1500 ᠬᠦᠮᠦᠨ ᠤᠳ᠋ᠠᠭ᠎ᠠ ᠪᠤᠯᠪᠠᠰᠤᠷᠠᠭᠤᠯᠵᠤ᠂ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠦᠨ ᠰᠤᠷᠤᠯᠴᠠᠯᠭ᠎ᠠ ᠪᠣᠯᠪᠠᠰᠤᠷᠠᠯ ᠢ《ᠪᠦᠬᠦᠨ ᠢ ᠪᠦᠷᠬᠦᠭᠦᠯᠬᠦ》 ᠶᠢ ᠪᠡᠶᠡᠯᠡᠭᠦᠯᠪᠡ᠃

ᠰᠤᠷᠤᠭᠰᠠᠨ ᠶᠢᠡᠨ ᠬᠡᠷᠡᠭᠯᠡᠵᠦ᠂ ᠪᠤᠯᠪᠠᠰᠤᠷᠠᠯ ᠢᠯᠡᠳᠳ᠋ᠡ ᠦᠷ᠎ᠠ ᠪᠦᠳ᠋ᠦᠮᠵᠢ ᠣᠯᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠡᠯ᠎ᠠ ᠵᠤᠢ᠌ᠯ ᠤᠨ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠰᠤᠨᠢᠨ ᠰᠡᠳᠭᠦᠯ ᠢ ᠨᠡᠢ᠌ᠳ᠋ᠡᠯᠡᠨ᠂ ᠠᠷᠠᠳ ᠤᠨ ᠲᠦ᠋ᠯᠦᠭᠡᠯᠡᠭ᠍ᠴᠢᠳ ᠢ ᠰᠤᠷᠤᠯᠴᠠᠭᠤᠯᠵᠤ᠂ ᠪᠠᠰᠠ ᠠᠷᠠᠳ ᠤᠨ ᠲᠦ᠋ᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠰᠤᠷᠤᠯᠴᠠᠯᠭ᠎ᠠ ᠶᠢᠨ ᠪᠤᠯᠪᠠᠰᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠰᠠᠨᠠᠯ ᠶᠢᠡᠨ ᠰᠤᠯᠢᠯᠴᠠᠬᠤ ᠶᠢ ᠲᠤᠭᠳ᠋ᠠᠭᠰᠠᠨ ᠬᠤᠭᠤᠴᠠᠭ᠎ᠠ ᠲᠡᠶ ᠦᠷᠨᠢᠭᠦᠯᠪᠡ᠃ (ᠯᠸᠢ ᠫᠠᠩ)