ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠠᠷᠠᠳ ᠤᠨ ᠲᠦ᠋ᠯᠦᠭᠡᠯᠡᠭ᠍ᠴᠢ ᠠᠯᠪᠠᠨ ᠵᠢᠷᠤᠮ ᠤᠨ᠁
ᠠᠷᠠᠳ ᠤᠨ ᠲᠦ᠋ᠯᠦᠭᠡᠯᠡᠭ᠍ᠴᠢ ᠠᠯᠪᠠᠨ ᠵᠢᠷᠤᠮ ᠤᠨ ᠡᠮᠴᠢᠯᠡᠭᠡᠨ ᠦ ᠠᠵᠢᠯᠯᠠᠭ᠎ᠠ ᠳ᠋ᠦ ᠬᠦᠴᠦᠨ ᠨᠡᠮᠡᠷᠢᠯᠡᠵᠦ ᠠᠷᠠᠳ ᠲᠦ᠋ᠮᠡᠨ ᠳ᠋ᠦ ᠦᠢᠯᠡᠴᠢᠯᠡᠬᠦ ᠤᠭ ᠰᠠᠨᠠᠭ᠎ᠠ ᠪᠠᠨ ᠢᠯᠡᠷᠡᠭᠦᠯᠪᠡ

       


       
        3 ᠰᠠᠷ᠎ᠠ ᠶᠢᠨ 15 ᠦ ᠡᠳ᠋ᠦᠷ ᠦᠨ ᠦᠳ᠋ᠡ ᠶᠢᠨ ᠬᠤᠢ᠌ᠨ᠎ᠠ᠂ ᠵᠠᠷᠤᠳ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢ᠂ ᠯᠦ᠋ᠪᠸᠢ ᠨᠡᠢ᠌ᠭᠡᠮ ᠲᠤᠭᠤᠷᠢᠭ ᠤᠨ ᠦᠢᠯᠡᠴᠢᠯᠡᠭᠡᠨ ᠦ ᠲᠥᠪ ᠦᠨ ᠴᠢᠨ ᠶᠤᠸᠠᠨ ᠨᠡᠢ᠌ᠭᠡᠮ ᠲᠤᠭᠤᠷᠢᠭ ᠤᠨ ᠡᠷᠬᠢᠯᠡᠭ᠍ᠴᠢ ᠳ᠋ᠧ ᠪᠣᠤ᠂ ᠰᠠᠭᠤᠭᠠᠯᠢ ᠠᠷᠠᠳ ᠤᠨ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠪᠣᠯᠤᠨ ᠪᠠᠴᠢᠮ ᠬᠦᠴᠢᠷ ᠵᠤᠪᠠᠨᠢᠯ ᠤᠨ ᠠᠰᠠᠭᠤᠳ᠋ᠠᠯ ᠢ ᠠᠰᠠᠭᠤᠨ ᠤᠢ᠌ᠯᠠᠭᠠᠵᠤ᠂ ᠬᠠᠷᠢᠶ᠎ᠠ ᠤᠷᠤᠨ ᠤ ᠲᠤᠳ᠋ᠤᠷᠠᠬᠢ ᠨᠡᠯᠢᠶᠡᠳ ᠤᠯᠠᠨ ᠴᠠᠭᠠᠨ ᠬᠠᠷᠡᠩ ᠡᠪᠡᠳᠴᠢᠨ ᠦ ᠢᠯᠡᠷᠡᠯ ᠲᠡᠶ ᠨᠠᠰᠤᠳ᠋ᠠᠢ᠌ᠴᠤᠳ ᠤᠨ ᠴᠠᠭ ᠲᠤᠬᠠᠢ ᠳ᠋ᠤᠨᠢ ᠤᠨᠤᠰᠢᠯᠡᠨ ᠡᠮᠨᠡᠬᠦ ᠬᠡᠷᠡᠭ᠍ᠴᠡᠭᠡ ᠱᠠᠭᠠᠷᠳ᠋ᠠᠯᠭ᠎ᠠ ᠶᠢ ᠮᠡᠳ᠋ᠡᠭ᠍ᠰᠡᠨ ᠦ ᠲᠠᠷᠠᠭ᠎ᠠ᠂ ᠲᠦ᠋ᠩᠯᠢᠶᠤᠤ ᠬᠤᠳ᠋ᠠ ᠶᠢᠨ ᠨᠢᠳ᠋ᠤᠨ ᠤ ᠡᠪᠡᠳᠴᠢᠨ ᠢ ᠰᠡᠷᠭᠡᠢ᠌ᠯᠡᠬᠦ ᠡᠮᠨᠡᠯᠭᠡ ᠶᠢᠨ ᠬᠤᠷᠢᠶ᠎ᠠ ᠵᠡᠷᠭᠡ ᠰᠠᠯᠠᠭ᠎ᠠ ᠮᠦ᠋ᠴᠢᠷ ᠲᠡᠶ ᠢᠳ᠋ᠡᠪᠭᠢᠳ᠋ᠠᠢ ᠬᠠᠷᠢᠯᠴᠡᠨ᠂ ᠡᠷᠡᠭᠦᠯ ᠮᠡᠨᠳ᠋ᠦ ᠶᠢᠨ ᠠᠯᠪᠠᠨ ᠵᠢᠷᠤᠮ ᠤᠨ ᠡᠮᠴᠢᠯᠡᠭᠡᠨ ᠦ ᠠᠵᠢᠯᠯᠠᠭ᠎ᠠ ᠶᠢ ᠦᠷᠨᠢᠭᠦᠯᠪᠡ᠃

        

     ᠳ᠋ᠧ ᠪᠣᠤ ᠡᠴᠡ᠂ ᠠᠷᠠᠳ ᠤᠨ ᠲᠦ᠋ᠯᠦᠭᠡᠯᠡᠭ᠍ᠴᠢ ᠪᠤᠯᠤᠭᠰᠠᠨ ᠤ ᠬᠤᠪᠢ ᠳᠤ᠂ ᠪᠢ ᠬᠤᠢ᠌ᠰᠢᠳ᠋ᠠ ᠪᠠᠰᠠ ᠠᠷᠠᠳ ᠤᠨ ᠲᠥᠯᠦᠭᠡᠯᠡᠭ᠍ᠴᠢ ᠶᠢᠨ ᠵᠢᠱᠢᠶᠡᠴᠢ ᠲᠠᠭᠠᠭᠤᠯᠤᠭᠴᠢ ᠦᠢᠯᠡᠳ᠋ᠦᠯ ᠢ ᠦᠷᠭᠦᠯᠵᠢᠯᠡᠨ ᠪᠠᠳ᠋ᠠᠷᠠᠭᠤᠯᠵᠦ᠂ ᠬᠠᠷᠢᠶ᠎ᠠ ᠤᠷᠤᠨ ᠤ ᠰᠠᠭᠤᠭᠠᠯᠢ ᠠᠷᠠᠳ ᠤᠨ ᠭᠡᠷ ᠲᠤ ᠢᠳ᠋ᠡᠪᠬᠢᠳ᠋ᠠᠢ ᠭᠦᠨᠵᠡᠭᠡᠢ᠌ᠷᠡᠨ᠂ ᠤᠯᠠᠨ ᠲᠦ᠋ᠮᠡᠨ ᠦ ᠰᠡᠳᠭᠢᠯ ᠦᠨ ᠦᠭᠡ ᠶᠢ ᠰᠤᠨᠤᠰᠴᠦ᠂ ᠤᠯᠠᠨ ᠲᠦ᠋ᠮᠡᠨ ᠦ ᠠᠩᠬᠠᠷᠴᠦ ᠪᠠᠢ᠌ᠭ᠎ᠠ ᠠᠰᠠᠭᠤᠳ᠋ᠠᠯ ᠳᠤ ᠬᠠᠷᠢᠭᠤᠯᠲᠠ ᠦᠭ᠍ᠴᠦ᠂ ᠤᠯᠠᠨ ᠲᠦ᠋ᠮᠡᠨ ᠦ ᠠᠩᠬᠠᠷᠴᠦ ᠪᠠᠢ᠌ᠭ᠎ᠠ ᠠᠰᠠᠭᠤᠳ᠋ᠠᠯ ᠢ ᠰᠢ᠌ᠳᠪᠦᠷᠢᠯᠡᠬᠦ ᠶᠢ ᠴᠢᠷᠮᠠᠢ᠌ᠨ ᠠᠬᠢᠭᠤᠯᠤᠨ᠎ᠠ ᠭᠡᠵᠦ ᠢᠯᠡᠳᠭᠡᠪᠡ᠃ (ᠯᠸᠢ ᠫᠠᠩ)

ᠡᠮᠦᠨᠡᠬᠢ᠄ ᠴᠢᠨᠳ᠋ᠠᠮᠤᠨᠢ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠳ᠋ᠦ ᠬᠦᠴᠦᠨ ᠨᠡᠮᠡᠷᠢᠯᠡᠵᠦ ᠪᠠᠢ᠌ᠭ᠎ᠠ
ᠳᠠᠷᠠᠭᠠᠬᠢ᠄ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠳ᠋ᠦ ᠬᠦᠴᠦᠨ ᠨᠡᠮᠡᠷᠢᠯᠡᠵᠦ ᠲᠠᠷᠢᠶᠠᠴᠢᠨ ᠮᠠᠯᠴᠢᠳ ᠤᠨ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠢ ᠬᠠᠮᠳ᠋ᠤᠪᠠᠷ ᠬᠠᠮᠠᠭᠠᠯᠠᠵᠤ ᠪᠠᠢ᠌ᠭ᠎ᠠ