ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠪᠠᠢ᠌ᠴᠠᠭᠠᠬᠤ ᠪᠥᠯᠬᠦᠮ ᠮᠠᠨ ᠤ ᠬᠤᠰᠢᠭᠤᠨ ᠳᠤ ᠢᠷᠡᠵᠦ ᠪᠠᠢ᠌ᠴᠠᠭᠠᠨ ᠰᠤᠷᠤᠯᠴᠠᠪᠠ

3 ᠰᠠᠷ᠎ᠠ ᠶᠢᠨ 16 ᠦ ᠡᠳ᠋ᠦᠷ ᠡᠴᠡ 17 ᠤ ᠡᠳ᠋ᠦᠷ ᠪᠣᠯᠳ᠋ᠠᠯ᠎ᠠ᠂ ᠰᠢᠯᠢ ᠶᠢᠨ ᠭᠣᠣᠯ ᠠᠢ᠌ᠮᠠᠭ ᠤᠨ ᠰᠢᠯᠤᠭᠤᠨ ᠬᠥᠬᠡ ᠬᠣᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠴᠠᠭᠠᠨ ᠰᠤᠷᠤᠯᠴᠠᠬᠤ ᠪᠥᠯᠬᠦᠮ ᠮᠠᠨ ᠤ ᠬᠣᠰᠢᠭᠤᠨ ᠳᠤ ᠢᠷᠡᠵᠦ ᠵᠢᠭᠤᠯᠴᠢᠯᠡᠯ ᠰᠤᠶᠤᠯ ᠪᠠ ᠣᠳ᠋ᠤ ᠥᠶ᠎ᠠ ᠶᠢᠨ ᠮᠠᠯ ᠠᠵᠤ ᠠᠬᠤᠢ ᠶᠢᠨ ᠬᠦᠭ᠍ᠵᠢᠯᠳ᠋ᠡ ᠶᠢᠨ ᠪᠠᠢ᠌ᠳ᠋ᠠᠯ ᠢ ᠪᠠᠢ᠌ᠴᠠᠭᠠᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠪᠣᠤ ᠯᠦ᠋ᠩ ᠵᠢᠴᠢ ᠪᠠᠢ᠌ᠩᠭ᠋ᠤ ᠶᠢᠨ ᠬᠤᠷᠢᠶᠠᠨ ᠤ ᠬᠦᠳ᠋ᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦ᠋ᠪᠯᠡᠯ᠂ ᠰᠤᠩᠭ᠋ᠤᠭᠤᠯᠢ ᠶᠢᠨ ᠶᠠᠪᠤᠳ᠋ᠠᠯ ᠤᠨ ᠬᠠᠷᠢᠯᠴᠠᠬᠤ ᠠᠵᠢᠯ ᠤᠨ ᠵᠦ᠋ᠪᠯᠡᠯ ᠦᠨ ᠬᠠᠷᠢᠭᠤᠴᠠᠯᠭᠠᠳ᠋ᠠᠨ ᠪᠠᠷ᠎ᠠ ᠪᠣᠯᠵᠤ ᠪᠠᠢ᠌ᠴᠠᠭᠠᠪᠠ᠃
ᠪᠠᠢ᠌ᠴᠠᠭᠠᠬᠤ ᠪᠥᠯᠬᠦᠮ ᠤᠷᠢᠳ ᠬᠣᠵᠢᠳ ᠰᠢᠶᠠᠩᠱᠠᠨ ᠪᠠᠯᠭᠠᠰᠤᠨ ᠤ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠮᠠᠥ ᠽᠸ ᠳ᠋ᠦ᠋ᠩ ᠦᠨ ᠬᠦᠷᠦᠭ᠌ ᠢ ᠨᠠᠨᠳ᠋ᠢᠩᠨᠠᠨ ᠬᠠᠳ᠋ᠠᠭᠠᠯᠠᠬᠤ ᠣᠷᠳ᠋ᠤᠨ᠂ ᠯᠦ᠋ᠪᠸᠢ ᠪᠠᠯᠭᠠᠰᠤᠨ ᠤ ᠵᠦ᠋ᠩ ᠰᠢᠩ ᠲᠤᠰᠬᠤᠨ ᠤ ᠪᠠᠢ ᠵᠢᠢ ᠨᠠ ᠲᠡᠵᠢᠭᠡᠨ ᠦᠷᠡᠵᠢᠭᠦᠯᠬᠦ ᠬᠤᠷᠰᠢᠶᠠᠵᠢᠯ ᠪᠤᠯᠤᠨ ᠲᠤᠯᠣᠲᠤ ᠰᠤᠮᠤ ᠶᠢᠨ ᠳ᠋ᠠ ᠮᠢ ᠬᠣᠸᠠ ᠭᠠᠴᠠᠭᠠᠨ ᠤ ᠬᠤᠷᠴᠠ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠤ ᠬᠦᠷᠴᠦ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ ᠪᠠ ᠲᠠᠨᠢᠯᠴᠠᠭᠤᠯᠭ᠎ᠠ ᠶᠢ ᠰᠤᠨᠤᠰᠬᠤ ᠪᠠᠷ ᠲᠠᠮᠵᠢᠨ᠂ ᠮᠠᠨ ᠤ ᠬᠤᠰᠢᠭᠤᠨ ᠤ 《ᠠᠷᠠᠳ ᠤᠨ ᠲᠥᠯᠦᠭᠡᠯᠡᠭ᠍ᠴᠢ ᠶᠢᠨ ᠭᠡᠷ ᠪᠥᠯᠢ》 ᠶᠢᠨ ᠪᠠᠳ᠋ᠠᠷᠠᠭᠤᠯᠤᠭᠰᠠᠨ ᠦᠢᠯᠡᠳ᠋ᠦᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠵᠡᠩᠨᠡᠵᠦ ᠪᠠᠢ᠌ᠬᠤ ᠪᠠᠢ᠌ᠳ᠋ᠠᠯ᠂ ᠬᠤᠷᠰᠢᠶᠠᠵᠢᠯ ᠤᠨ ᠦᠬᠡᠷ ᠦᠨ ᠠᠵᠤ ᠦᠢᠯᠡᠰ ᠦᠨ ᠡᠵᠡᠩᠨᠡᠯᠳ᠋ᠡ ᠬᠦᠭ᠍ᠵᠢᠯᠳ᠋ᠡ ᠶᠢᠨ ᠰᠡᠳᠭᠢᠭᠦᠢ᠂ ᠪᠤᠳ᠋ᠠᠳ᠋ᠠᠢ ᠠᠷᠭ᠎ᠠ ᠠᠪᠴᠠᠯ᠂ ᠲᠡᠷᠢᠭᠦᠨ ᠦ ᠲᠤᠷᠰᠢᠯᠭ᠎ᠠ᠂ ᠠᠵᠢᠯ ᠤᠨ ᠬᠡᠪ ᠵᠠᠭᠪᠤᠷ ᠵᠢᠴᠢ ᠥᠷ᠎ᠠ ᠪᠦᠳ᠋ᠦᠮᠵᠢ ᠵᠡᠷᠭᠡ ᠪᠠᠢ᠌ᠳ᠋ᠠᠯ ᠢ ᠨᠠᠷᠢᠨ ᠬᠢᠨᠠᠮᠠᠭᠠᠢ ᠤᠢ᠌ᠯᠠᠭᠠᠪᠠ᠃ (ᠯᠸᠢ ᠫᠠᠩ)