ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠳ᠋ᠦ ᠬᠦᠴᠦᠨ ᠨᠡᠮᠡᠷᠢᠯᠡᠵᠦ ᠲᠠᠷᠢᠶᠠᠴᠢᠨ ᠮᠠᠯᠴᠢᠳ ᠤᠨ ᠪᠡᠶ᠎ᠠ ᠮᠠᠬᠠᠪᠤᠳ ᠤᠨ ᠡᠷᠡᠭᠦᠯ ᠴᠢᠬᠢᠷᠠᠭ ᠢ ᠬᠠᠮᠳ᠋ᠤᠪᠠᠷ ᠬᠠᠮᠠᠭᠠᠯᠠᠵᠤ ᠪᠠᠢ᠌ᠭ᠎ᠠ



2023 ᠣᠨ ᠤ ᠬᠤᠳ᠋ᠠ ᠬᠦᠳ᠋ᠡᠭᠡ ᠶᠢᠨ ᠡᠮ ᠡᠮᠨᠡᠯᠭᠡ ᠶᠢᠨ ᠲᠠᠭᠠᠳᠬᠠᠯ ᠤᠨ ᠲᠠᠳ᠋ᠠᠪᠤᠷᠢᠯᠡᠨ ᠲᠤᠰᠢᠶᠠᠬᠤ ᠠᠵᠢᠯ ᠢ ᠯᠠᠪᠳ᠋ᠠᠭᠤᠨ ᠪᠠᠲᠤᠳ᠋ᠠᠢ ᠲᠦ᠋ᠯᠬᠢᠨ ᠠᠬᠢᠭᠤᠯᠬᠤ ᠶᠢᠨ ᠲᠥᠯᠥᠭᠡ᠂ ᠤᠢ᠌ᠷ᠎ᠠ ᠶᠢᠨ ᠡᠳ᠋ᠦᠷ᠂ ᠪᠠᠶᠠᠷᠳ᠋ᠤᠬᠤᠰᠢᠭᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠯᠠᠨ ᠲᠦ᠋ᠮᠡᠨ ᠲᠡᠶ ᠨᠢᠭᠲᠠ ᠬᠠᠷᠢᠯᠴᠠᠬᠤ ᠲᠠᠪᠠᠭᠤᠯᠢᠭ ᠶᠢᠡᠨ ᠪᠠᠲᠠᠷᠠᠭᠤᠯᠤᠨ᠂ ᠠᠢ᠌ᠯ ᠡᠷᠦᠭᠡ ᠳ᠋ᠦ ᠬᠦᠷᠴᠦ ᠰᠤᠷᠪᠤᠯᠵᠢᠯᠠᠬᠤ᠂ ᠤᠬᠠᠭᠤᠯᠭ᠎ᠠ ᠶᠢᠨ ᠬᠠᠭᠤᠳ᠋ᠠᠰᠤ ᠲᠠᠷᠬᠠᠭᠠᠬᠤ ᠪᠠᠷ ᠲᠠᠮᠵᠢᠨ ᠲᠠᠳ᠋ᠠᠪᠤᠷᠢᠯᠡᠨ ᠲᠤᠰᠢᠶᠠᠬᠤ ᠬᠠᠮᠢᠶ᠎ᠠ ᠪᠦᠬᠦᠢ ᠠᠭᠤᠯᠭ᠎ᠠ ᠶᠢ ᠤᠯᠠᠨ ᠲᠦ᠋ᠮᠡᠨ ᠳ᠋ᠦ ᠲᠠᠢ᠌ᠯᠪᠤᠷᠢᠯᠡᠵᠦ᠂ ᠡᠮ ᠡᠮᠨᠡᠯᠭᠡ ᠶᠢᠨ ᠲᠠᠭᠠᠳᠬᠠᠯ ᠶᠢᠨ ᠲᠠᠳ᠋ᠠᠪᠤᠷᠢᠯᠡᠨ ᠲᠤᠰᠢᠶᠠᠬᠤ ᠠᠵᠢᠯ ᠳᠤ ᠢᠳ᠋ᠡᠪᠬᠢᠳ᠋ᠠᠢ ᠤᠷᠤᠯᠴᠠᠵᠤ ᠬᠦᠴᠦᠨ ᠨᠡᠮᠡᠷᠢᠯᠡᠵᠦ ᠪᠠᠢ᠌ᠨ᠎ᠠ᠃ (ᠯᠸᠢ ᠫᠠᠩ)