ᠠᠷᠠᠳ ᠤᠨ ᠲᠦ᠋ᠯᠦᠭᠡᠯᠡᠭ᠍ᠴᠢ ᠶᠢᠨ ᠦᠢᠯᠡᠳ᠋ᠦᠯ ᠢ ᠪᠠᠳ᠋ᠠᠷᠠᠭᠤᠯᠵᠤ ᠤᠯᠠᠨ ᠲᠦ᠋ᠮᠡᠨ ᠳ᠋ᠦ ᠦᠢᠯᠡᠴᠢᠯᠡᠬᠦ《ᠬᠠᠮᠤᠭ ᠡᠴᠦᠰ ᠦᠨ ᠨᠢᠭᠡ ᠮᠸᠲ᠋ᠷ》 ᠢ ᠰᠢᠪᠳ᠋ᠤᠯᠪᠠ



ᠠᠷᠤ ᠬᠦᠨᠳ᠋ᠡᠯᠡᠨ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠤᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠶᠡᠷᠦᠩᠬᠡᠢ ᠱᠦ᠋ᠵᠢ ᠰᠢ ᠵᠢᠨ ᠫᠢᠩ ᠦᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠥᠷᠢᠮ ᠢ ᠪᠠᠷᠢᠮᠳ᠋ᠠᠯᠠᠨ ᠲᠡᠭᠦᠯᠳ᠋ᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ ᠂ ᠦᠪᠡᠷᠳ᠋ᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳ᠋ᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠢ᠌ᠳ᠋ᠠᠪᠤᠷᠢᠵᠢᠭᠤᠯᠤᠨ᠂ ᠤᠯᠠᠨ ᠲᠦ᠋ᠮᠡᠨ ᠦ《ᠬᠦᠴᠢᠷ ᠪᠠᠴᠢᠮ ᠲᠤᠯᠭᠠᠮ᠎ᠠ》ᠠᠰᠠᠭᠤᠳ᠋ᠠᠯ ᠳ᠋ᠦ ᠠᠩᠬᠠᠷᠤᠯ ᠶᠢᠡᠨ ᠲᠦ᠋ᠪᠯᠡᠷᠡᠭᠦᠯᠵᠦ᠂ ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ ᠶᠢᠨ《1+N》 ᠦᠢᠯᠡᠴᠢᠯᠡᠭᠡᠨ ᠦ ᠠᠷᠭ᠎ᠠ ᠠᠪᠴᠠᠯ ᠢ ᠡᠭᠦᠳ᠋ᠦᠨ ᠬᠡᠷᠡᠭ᠍ᠵᠢᠭᠦᠯᠵᠦ᠂ ᠲᠠᠷᠤᠢ 《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》ᠡᠴᠡ ᠤᠯᠠᠨ ᠵᠦ᠋ᠢᠯ ᠦᠨ ᠦᠢᠯᠡᠴᠢᠯᠡᠭᠡᠨ ᠦ ᠠᠵᠢᠯᠯᠠᠭ᠎ᠠ ᠦᠷᠨᠢᠭᠦᠯᠦᠨ᠂ ᠠᠷᠠᠳ ᠤᠨ ᠲᠦ᠋ᠯᠦᠭᠡᠯᠡᠭ᠍ᠴᠢ ᠶᠢᠨ ᠤᠯᠠᠨ ᠲᠦ᠋ᠮᠡᠨ ᠳ᠋ᠦ ᠦᠢᠯᠡᠴᠢᠯᠡᠬᠦ ᠢᠳ᠋ᠡᠪᠬᠢᠵᠢᠯ ᠢ ᠤᠯᠠᠮ ᠨᠢᠭᠡ ᠠᠯᠬᠤᠮ ᠬᠦᠭ᠍ᠵᠢᠭᠡᠨ᠂ ᠲᠦ᠋ᠯᠦᠭᠡᠯᠡᠭ᠍ᠴᠢ ᠶᠢᠨ ᠪᠠᠭ᠎ᠠ ᠲᠤᠭᠤᠢ᠌ᠯᠠᠩ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠦᠨᠡᠨ ᠰᠡᠳᠭᠢᠯ ᠶᠢᠡᠷ ᠢᠶᠡᠨ ᠤᠯᠠᠨ ᠲᠦ᠋ᠮᠡᠨ ᠳ᠋ᠦ ᠦᠢᠯᠡᠴᠢᠯᠡᠬᠦ《ᠬᠠᠮᠣᠭ ᠡᠴᠦᠰ ᠦᠨ ᠨᠢᠭᠡ ᠮᠸᠲ᠋ᠷ》 ᠢ ᠰᠢᠪᠳ᠋ᠤᠯᠪᠠ᠃ (ᠯᠸᠢ ᠫᠠᠩ)