ᠤᠳᠤ ᠶᠢᠨ ᠪᠠᠢ᠌ᠷᠢ᠄ ᠴᠢᠬᠤᠯᠠ ᠮᠡᠳᠡᠭᠡ → ᠬᠣᠰᠢᠭᠤᠨ ᠤ ᠲᠠᠩᠰᠠ ᠡᠪᠬᠡᠮᠡᠯ ᠦᠨ ᠲᠤᠪᠴᠢᠶ᠎ᠠ᠁
ᠬᠣᠰᠢᠭᠤᠨ ᠤ ᠲᠠᠩᠰᠠ ᠡᠪᠬᠡᠮᠡᠯ ᠦᠨ ᠲᠤᠪᠴᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠢᠷᠡᠵᠦ ᠲᠠᠩᠰᠠ ᠡᠪᠬᠡᠮᠡᠯ ᠤᠨ ᠬᠠᠮᠢᠶᠠᠷᠤᠯᠳ᠋ᠠ ᠶᠢᠨ ᠠᠵᠢᠯ ᠢ ᠪᠠᠢ᠌ᠴᠠᠭᠠᠨ ᠵᠢᠯᠤᠭᠤᠳᠪᠠ

       
        3 ᠰᠠᠷ᠎ᠠ ᠶᠢᠨ 21 ᠦ ᠡᠳ᠋ᠦᠷ᠂ ᠬᠣᠰᠢᠭᠤᠨ ᠤ ᠲᠠᠩᠰᠠ ᠡᠪᠬᠡᠮᠡᠯ ᠦᠨ ᠲᠤᠪᠴᠢᠶᠡᠨ ᠤ ᠬᠠᠮᠢᠶ᠎ᠠ ᠪᠦᠬᠦᠢ ᠬᠠᠷᠢᠭᠤᠴᠠᠯᠭᠠᠳ᠋ᠠᠨ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠢᠷᠡᠵᠦ ᠲᠠᠩᠰᠠ ᠡᠪᠬᠡᠮᠡᠯ ᠢ ᠡᠪᠬᠡᠮᠡᠯᠡᠯᠵᠦ ᠲᠠᠩᠰᠠᠯᠠᠭᠰᠠᠨ ᠪᠠᠢ᠌ᠳ᠋ᠠᠯ ᠪᠠ ᠲᠠᠩᠰᠠ ᠡᠪᠬᠡᠮᠡᠯ ᠦᠨ ᠠᠯᠪᠠᠨ ᠭᠡᠷ ᠤᠨ ᠪᠦᠳ᠋ᠦᠭᠡᠨ ᠪᠠᠢ᠌ᠭᠤᠯᠤᠯᠳ᠋ᠠ ᠶᠢᠨ ᠪᠠᠢ᠌ᠳ᠋ᠠᠯ ᠢ ᠪᠠᠢ᠌ᠴᠠᠭᠠᠨ ᠵᠢᠯᠤᠭᠤᠳᠴᠦ᠂ ᠬᠡᠰᠡᠭ᠌ ᠪᠢᠴᠢᠭ᠌ ᠮᠠᠲ᠋ᠸᠷᠢᠶᠠᠯ ᠢ ᠰᠤᠭᠤᠯᠤᠨ ᠪᠠᠢ᠌ᠴᠠᠭᠠᠬᠤ ᠶᠢᠨ ᠬᠠᠮᠳ᠋ᠤ ᠲᠠᠩᠰᠠ ᠡᠪᠬᠡᠮᠡᠯ ᠦᠨ ᠬᠠᠮᠢᠶᠠᠷᠤᠯᠳ᠋ᠠ ᠶᠢᠨ ᠠᠵᠢᠯ ᠤᠨ ᠲᠤᠮᠲᠠ ᠤᠷᠤᠰᠢᠵᠤ ᠪᠠᠢ᠌ᠬᠤ ᠠᠰᠠᠭᠤᠳ᠋ᠠᠯ ᠢ ᠵᠢᠭᠠᠨ ᠭᠠᠷᠭᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠪᠤᠳ᠋ᠠᠳ᠋ᠠᠢ ᠴᠡᠭ᠍ᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠲᠤᠷᠠᠳᠪᠠ᠃ 

        
        ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠲᠤᠰ ᠤᠳ᠋ᠠᠭᠠᠨ ᠤ ᠪᠠᠢ᠌ᠴᠠᠭᠠᠨ ᠵᠢᠯᠤᠭᠤᠳ᠋ᠤᠯᠭ᠎ᠠ ᠪᠠᠷ ᠲᠤᠬᠢᠶᠠᠯ ᠪᠣᠯᠭᠠᠨ᠂ ᠪᠠᠢ᠌ᠴᠠᠭᠠᠬᠤ ᠲᠤᠭᠤᠢ᠌ᠯᠠᠩ ᠤᠨ ᠲᠤᠷᠠᠳ᠋ᠤᠭᠰᠠᠨ ᠰᠠᠨᠠᠯ ᠰᠠᠨᠠᠭᠤᠯᠭ᠎ᠠ ᠶᠤᠰᠤᠭᠠᠷ᠂ ᠴᠠᠭ ᠲᠤᠬᠠᠢ ᠲᠤᠨᠢ ᠲᠤᠳ᠋ᠠᠭᠳ᠋ᠠᠯ ᠶᠢᠡᠨ ᠨᠦ᠋ᠬᠦᠵᠦ᠂ ᠲᠠᠩᠰᠠ ᠡᠪᠬᠡᠮᠡᠯ ᠦᠨ ᠬᠠᠮᠢᠶᠠᠷᠤᠯᠳ᠋ᠠ ᠶᠢᠨ ᠲᠥᠷᠢᠮ  ᠢᠶᠡᠨ ᠲᠡᠭᠦᠯᠳ᠋ᠡᠷᠵᠢᠭᠦᠯᠦᠨ᠂ ᠡᠯ᠎ᠠ ᠲᠥᠷᠦᠯ ᠦᠨ ᠲᠤᠬᠠᠢ᠌ᠯᠠᠭᠰᠠᠨ ᠠᠵᠢᠯ ᠤᠨ ᠲᠠᠩᠰᠠ ᠡᠪᠬᠡᠮᠡᠯ ᠢ ᠲᠥᠷᠥᠯ ᠬᠤᠪᠢᠶᠠᠬᠤ ᠲᠥᠰᠥᠯ ᠢ ᠲᠤᠭᠳ᠋ᠠᠭᠠᠬᠤ ᠶᠢᠨ ᠬᠠᠮᠳ᠋ᠤ᠂ ᠲᠠᠩᠰᠠ ᠡᠪᠬᠡᠮᠡᠯ ᠦᠨ ᠲᠤᠨᠤᠭ ᠲᠦ᠋ᠬᠦᠭᠡᠷᠦᠮᠵᠢ ᠶᠢᠨ ᠪᠦᠳ᠋ᠦᠭᠡᠨ ᠪᠠᠢ᠌ᠭᠤᠯᠤᠯᠳ᠋ᠠ ᠶᠢ ᠴᠢᠩᠭ᠋ᠠᠳᠬᠠᠨ᠂ ᠲᠠᠩᠰᠠ ᠡᠪᠬᠡᠮᠡᠯ ᠤᠨ ᠬᠠᠮᠢᠶᠠᠷᠤᠭᠴᠢ ᠶᠢᠨ ᠲᠤᠬᠠᠢ᠌ᠯᠠᠭᠰᠠᠨ ᠠᠵᠢᠯ ᠤᠨ ᠴᠢᠳ᠋ᠠᠪᠤᠷᠢ ᠶᠢ ᠲᠡᠭᠡᠭ᠍ᠰᠢᠯᠡᠭᠦᠯᠵᠦ᠂ ᠲᠥᠷᠢᠮᠵᠢᠭ᠍ᠰᠡᠨ ᠲᠠᠩᠰᠠ ᠡᠪᠬᠡᠮᠡᠯ ᠦᠨ ᠬᠠᠮᠢᠶᠠᠷᠤᠯᠳ᠋ᠠ ᠪᠠᠷ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠶᠢᠨ ᠠᠵᠢᠯ ᠢ ᠴᠢᠨᠠᠷ ᠰᠠᠢ᠌ᠲᠠᠢ ᠦᠷᠨᠢᠭᠦᠯᠬᠦ ᠶᠢ ᠠᠬᠢᠭᠤᠯᠤᠨ᠎ᠠ᠃ (ᠯᠸᠢ ᠫᠠᠩ)

ᠡᠮᠦᠨᠡᠬᠢ᠄ ᠰᠢᠯᠤᠭᠤᠨ ᠬᠥᠬᠡ ᠬᠤᠰᠢᠭᠤᠨ ᠤ ᠠᠷᠠᠳ ᠤᠨ ᠲᠥᠯᠥᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠪᠠᠢ᠌ᠴᠠᠭᠠᠬᠤ ᠪᠥᠯᠬᠦᠮ ᠮᠠᠨ ᠤ ᠬᠤᠰᠢᠭᠤᠨ ᠳᠤ ᠢᠷᠡᠵᠦ ᠪᠠᠢ᠌ᠴᠠᠭᠠᠨ ᠰᠤᠷᠤᠯᠴᠠᠪᠠ
ᠳᠠᠷᠠᠭᠠᠬᠢ᠄ ᠵᠠᠷᠤᠳ ᠬᠤᠰᠢᠭᠤᠨ ᠤ ᠡᠯ᠎ᠠ ᠰᠤᠮᠤ ᠪᠠᠯᠭᠠᠰᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠠᠮᠵᠢᠯᠳ᠋ᠡ ᠲᠡᠶ ᠬᠤᠷᠠᠯᠳ᠋ᠤᠪᠠ