ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠤᠰᠢᠭᠤᠨ ᠤ ᠡᠯ᠎ᠠ ᠰᠤᠮᠤ ᠪᠠᠯᠭᠠᠰᠤᠨ ᠤ᠁
ᠵᠠᠷᠤᠳ ᠬᠤᠰᠢᠭᠤᠨ ᠤ ᠡᠯ᠎ᠠ ᠰᠤᠮᠤ ᠪᠠᠯᠭᠠᠰᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠠᠮᠵᠢᠯᠳ᠋ᠡ ᠲᠡᠶ ᠬᠤᠷᠠᠯᠳ᠋ᠤᠪᠠ

        
        ᠦᠨᠳ᠋ᠦᠰᠦᠨ ᠬᠠᠦᠯᠢ᠂ ᠤᠷᠤᠨ ᠨᠤᠳ᠋ᠤᠭ ᠤᠨ ᠵᠤᠬᠢᠶᠠᠨ ᠪᠠᠢ᠌ᠭᠤᠯᠤᠯᠳ᠋ᠠ ᠶᠢᠨ ᠬᠠᠦᠯᠢ ᠵᠢᠴᠢ《ᠦᠪᠦᠷ ᠮᠤᠩᠭ᠋ᠤᠯ ᠤᠨ ᠦᠪᠡᠷᠳ᠋ᠡᠭᠡᠨ ᠵᠠᠰᠠᠬᠤ ᠤᠷᠤᠨ ᠤ ᠰᠤᠮᠤ᠂ ᠰᠢᠶᠠᠩ᠂ ᠦᠨᠳ᠋ᠦᠰᠦᠳ᠋ᠡᠨ ᠦ ᠰᠢᠶᠠᠩ᠂ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠲᠥᠷᠢᠮ》ᠵᠡᠷᠭᠡ ᠬᠠᠮᠢᠶ᠎ᠠ ᠪᠦᠬᠦᠢ ᠬᠠᠦᠯᠢ ᠴᠠᠭᠠᠵᠠ ᠬᠠᠦᠯᠢ ᠲᠤᠭᠳ᠋ᠠᠭᠠᠯ ᠶᠤᠰᠤᠭᠠᠷ᠂ ᠵᠢᠯ ᠦᠨ ᠡᠬᠢᠨ ᠡᠴᠡ ᠨᠠᠭᠠᠰᠢ᠂ ᠵᠠᠷᠤᠳ ᠬᠣᠰᠢᠭᠤᠨ ᠤ 15 ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠲᠠᠷᠠᠭᠠᠯᠠᠨ ᠬᠤᠷᠠᠯᠳ᠋ᠤᠵᠦ᠂ ᠬᠤᠷᠠᠯ ᠨᠢ ᠡᠯ᠎ᠠ ᠵᠦ᠋ᠢᠯ ᠦᠨ ᠡᠭᠦᠷᠭᠡ ᠪᠡᠨ ᠬᠠᠦᠯᠢ ᠶᠤᠰᠤᠭᠠᠷ ᠪᠡᠶᠡᠯᠡᠭᠦᠯᠦᠨ ᠠᠮᠵᠢᠯᠳ᠋ᠡ ᠲᠡᠶ ᠲᠡᠭᠦᠰᠪᠡ᠃

        
        ᠡᠯ᠎ᠠ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠢ ᠵᠢᠯ ᠦᠨ ᠡᠬᠢᠨ ᠳ᠋ᠦ ᠠᠮᠵᠢᠯᠳ᠋ᠡ ᠲᠡᠶ ᠬᠤᠷᠠᠯᠳ᠋ᠤᠬᠤ ᠶᠢ ᠪᠠᠳ᠋ᠤᠯᠠᠬᠤ ᠶᠢᠨ ᠲᠥᠯᠥᠭᠡ᠂ ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶ᠎ᠠ ᠡᠴᠡ ᠬᠤᠷᠠᠯ ᠬᠤᠷᠠᠯᠳ᠋ᠤᠭᠤᠯᠬᠤ ᠴᠠᠭ᠂ ᠬᠤᠷᠠᠯ ᠤᠨ ᠵᠦ᠋ᠪᠯᠡᠬᠦ ᠵᠦ᠋ᠢᠯ ᠵᠡᠷᠭᠡ ᠶᠢ ᠲᠤᠰᠬᠠᠢ ᠰᠡᠳ᠋ᠦᠪ ᠶᠢᠡᠷ ᠰᠤᠳ᠋ᠤᠯᠤᠭᠰᠠᠨ ᠪᠦᠭᠡᠳ ᠬᠤᠷᠠᠯ ᠤᠨ ᠪᠡᠯᠡᠳᠭᠡᠯ᠂ ᠶᠠᠪᠤᠴᠠ᠂ ᠰᠤᠩᠭ᠋ᠤᠭᠤᠯᠢ ᠪᠤᠯᠤᠨ ᠬᠤᠷᠠᠯᠳ᠋ᠤᠭᠤᠯᠬᠤ ᠴᠠᠭ ᠤᠨ ᠬᠢᠵᠠᠭᠠᠷ ᠵᠡᠷᠭᠡ ᠠᠵᠢᠯ ᠳᠤ ᠪᠤᠳ᠋ᠠᠳ᠋ᠠᠢ ᠰᠠᠨᠠᠯ ᠰᠠᠨᠠᠭᠤᠯᠭ᠎ᠠ  ᠲᠤᠷᠠᠳᠬᠤ ᠶᠢᠨ ᠬᠠᠮᠳ᠋ᠤ ᠲᠤᠬᠠᠢ᠌ᠯᠠᠭᠰᠠᠨ ᠠᠵᠢᠯ ᠤᠨ ᠵᠢᠯᠤᠭᠤᠳ᠋ᠤᠯᠭ᠎ᠠ ᠬᠢᠪᠡ᠃

        

 ᠡᠯ᠎ᠠ ᠰᠤᠮᠤ ᠪᠠᠯᠭᠠᠰᠤ ᠨᠢᠬᠲᠠ ᠴᠢᠩᠭ᠎ᠠ ᠠᠵᠢᠯ ᠤᠨ ᠶᠠᠪᠤᠴᠠ ᠪᠠᠷ᠂ ᠨᠠᠷᠢᠨ ᠬᠢᠨᠠᠮᠠᠭᠠᠢ ᠵᠤᠬᠢᠶᠠᠨ ᠪᠠᠢ᠌ᠭᠤᠯᠵᠤ ᠬᠡᠷᠡᠭ᠍ᠵᠢᠭᠦᠯᠦᠨ᠂ ᠬᠠᠦᠯᠢ ᠲᠤᠭᠳ᠋ᠠᠭᠠᠯ ᠶᠤᠰᠤᠭᠠᠷ ᠰᠤᠩᠭ᠋ᠤᠭᠤᠯᠢ ᠶᠠᠪᠤᠭᠤᠯᠵᠤ᠂ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠦᠨ ᠠᠵᠢᠯ ᠤᠨ ᠮᠡᠳ᠋ᠡᠭᠦᠯᠦᠯᠳ᠋ᠡ᠂ ᠵᠠᠰᠠᠭ ᠤᠨ ᠤᠷᠳ᠋ᠤᠨ ᠤ ᠠᠵᠢᠯ ᠤᠨ ᠢᠯᠡᠳᠭᠡᠯ᠂ 2022 ᠣᠨ ᠤ ᠠᠷᠠᠳ ᠤᠨ ᠠᠮᠢᠳ᠋ᠤᠷᠠᠯ ᠤᠨ ᠲᠥᠷᠥᠯ ᠵᠦ᠋ᠢᠯ ᠢ ᠪᠡᠶᠡᠯᠡᠭᠦᠯᠦᠭ᠍ᠰᠡᠨ ᠪᠠᠢ᠌ᠳ᠋ᠠᠯ ᠤᠨ ᠮᠡᠳ᠋ᠡᠭᠦᠯᠦᠯᠳ᠋ᠡ ᠶᠢ ᠨᠠᠷᠢᠨ ᠬᠢᠨᠠᠮᠠᠭᠠᠢ ᠰᠤᠨᠤᠰᠤᠨ ᠵᠦ᠋ᠪᠯᠡᠵᠦ᠂ ᠡᠳ᠋ ᠦᠨ ᠵᠠᠰᠠᠭ ᠤᠨ ᠲᠥᠰᠥᠪ ᠪᠤᠯᠤᠨ ᠲᠥᠰᠥᠪ ᠢ ᠭᠦᠢᠴᠡᠳᠭᠡᠭ᠍ᠰᠡᠨ ᠪᠠᠢ᠌ᠳ᠋ᠠᠯ ᠤᠨ ᠮᠡᠳ᠋ᠡᠭᠦᠯᠦᠯᠳ᠋ᠡ ᠶᠢ ᠬᠢᠨᠠᠨ ᠪᠠᠢ᠌ᠴᠠᠭᠠᠵᠤ ᠵᠦ᠋ᠪᠰᠢᠶᠡᠨ᠂ 2023 ᠣᠨ ᠤ ᠰᠤᠮᠤ ᠪᠠᠯᠭᠠᠰᠤᠨ ᠤ ᠠᠷᠠᠳ ᠤᠨ ᠠᠮᠢᠳ᠋ᠤᠷᠠᠯ ᠤᠨ ᠪᠣᠳ᠋ᠠᠳ᠋ᠤ ᠶᠠᠪᠤᠳ᠋ᠠᠯ ᠤᠨ ᠲᠥᠷᠥᠯ ᠵᠦ᠋ᠢᠯ ᠢ ᠪᠢᠯᠸᠲ ᠦᠭ᠍ᠴᠦ ᠪᠠᠲᠤᠯᠠᠪᠠ᠃ (ᠯᠸᠢ ᠫᠠᠩ)

ᠡᠮᠦᠨᠡᠬᠢ᠄ ᠬᠣᠰᠢᠭᠤᠨ ᠤ ᠲᠠᠩᠰᠠ ᠡᠪᠬᠡᠮᠡᠯ ᠦᠨ ᠲᠤᠪᠴᠢᠶ᠎ᠠ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠪᠠᠢ᠌ᠭᠤᠯᠭ᠎ᠠ ᠳᠤ ᠢᠷᠡᠵᠦ ᠲᠠᠩᠰᠠ ᠡᠪᠬᠡᠮᠡᠯ ᠤᠨ ᠬᠠᠮᠢᠶᠠᠷᠤᠯᠳ᠋ᠠ ᠶᠢᠨ ᠠᠵᠢᠯ ᠢ ᠪᠠᠢ᠌ᠴᠠᠭᠠᠨ ᠵᠢᠯᠤᠭᠤᠳᠪᠠ
ᠳᠠᠷᠠᠭᠠᠬᠢ᠄ ᠯᠦ᠋ᠪᠸᠢ ᠪᠠᠯᠭᠠᠰᠤ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠦᠷᠨᠢᠭᠦᠯᠪᠡ