ᠤᠳᠤ ᠶᠢᠨ ᠪᠠᠢ᠌ᠷᠢ᠄ ᠴᠢᠬᠤᠯᠠ ᠮᠡᠳᠡᠭᠡ → ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ᠁
ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠬᠤᠰᠢᠭᠤᠨ ᠤ ᠠᠷᠠᠳ ᠤᠨ ᠶᠠᠪᠤᠳ᠋ᠠᠯ ᠤᠨ ᠠᠷᠠᠳ ᠤᠨ ᠠᠮᠢᠳ᠋ᠤᠷᠠᠯ ᠤᠨ ᠬᠦᠷᠢᠶ᠎ᠠ ᠬᠡᠪᠴᠢᠶᠠᠨ ᠤ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠦᠷᠨᠢᠭᠦᠯᠪᠡ

       
        3 ᠰᠠᠷ᠎ᠠ ᠶᠢᠨ 22 ᠦ ᠡᠳ᠋ᠦᠷ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠡᠳ᠋ ᠡᠷᠬᠢᠯᠡᠭ᠍ᠴᠢ ᠵᠠᠩ ᠴᠥᠨ ᠡᠾᠦ᠋ᠢ ᠪᠠᠢ᠌ᠴᠠᠭᠠᠨ ᠰᠤᠳ᠋ᠤᠯᠬᠤ ᠲᠤᠭᠤᠢ᠌ᠯᠠᠩ ᠢ ᠲᠠᠭᠠᠭᠤᠯᠤᠨ ᠮᠠᠨ ᠤ ᠬᠣᠰᠢᠭᠤᠨ ᠤ ᠠᠷᠠᠳ ᠤᠨ ᠶᠠᠪᠤᠳ᠋ᠠᠯ ᠤᠨ ᠠᠷᠠᠳ ᠤᠨ ᠠᠮᠢᠳ᠋ᠤᠷᠠᠯ ᠤᠨ ᠬᠦᠷᠢᠶ᠎ᠠ ᠬᠡᠪᠴᠢᠶᠡᠨ ᠦ ᠠᠵᠢᠯ ᠳᠤ ᠲᠤᠰᠬᠠᠢ ᠰᠡᠳ᠋ᠦᠪᠳ᠋ᠦ ᠪᠠᠢ᠌ᠴᠠᠭᠠᠨ ᠰᠤᠳ᠋ᠤᠯᠤᠯᠳ᠋ᠠ ᠬᠢᠪᠡ᠃ ᠬᠤᠰᠢᠭᠤᠨ ᠤ ᠠᠷᠠᠳ ᠤᠨ ᠶᠠᠪᠤᠳ᠋ᠠᠯ ᠤᠨ ᠲᠤᠪᠴᠢᠶᠠᠨ ᠤ ᠭᠣᠤᠯ ᠬᠠᠷᠢᠭᠤᠴᠠᠯᠭᠠᠳ᠋ᠠᠨ ᠪᠠᠷ᠎ᠠ ᠪᠣᠯᠪᠠ᠃

         
           ᠪᠠᠢ᠌ᠴᠠᠭᠠᠨ ᠰᠤᠳ᠋ᠤᠯᠬᠤ ᠲᠤᠭᠤᠢ᠌ᠯᠠᠩ ᠤᠨ ᠬᠢᠨ᠂ ᠲᠤᠬᠠᠢ ᠶᠢᠨ ᠲᠠᠯᠠᠪᠤᠷ ᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ᠂ ᠬᠠᠷᠢᠭᠤ ᠮᠡᠳ᠋ᠡᠭᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠡᠷ ᠲᠠᠮᠵᠢᠨ᠂ ᠬᠤᠰᠢᠭᠤᠨ ᠤ ᠤᠷᠤᠰᠢᠭᠤᠯᠭ᠎ᠠ ᠶᠢᠨ ᠭᠠᠵᠠᠷ ᠢ ᠦᠭᠡᠷᠡᠴᠢᠯᠡᠵᠦ ᠦᠷᠭᠡᠳᠭᠡᠨ ᠪᠠᠢ᠌ᠭᠤᠯᠬᠤ ᠲᠥᠷᠥᠯ ᠵᠦ᠋ᠢᠯ ᠤᠨ᠂ ᠪᠦᠬᠦ ᠬᠣᠰᠢᠭᠤᠨ ᠤ ᠨᠡᠢ᠌ᠭᠡᠮ ᠦᠨ ᠠᠪᠤᠷᠠᠨ ᠲᠤᠰᠠᠯᠠᠯᠳ᠋ᠠ᠂ ᠨᠡᠢ᠌ᠭᠡᠮ ᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠤᠷᠤᠰᠢᠭᠤᠯᠭ᠎ᠠ ᠶᠢᠨ ᠦᠭᠡᠷᠡᠴᠢᠯᠡᠯᠳ᠋ᠡ ᠶᠢᠨ ᠪᠠᠢ᠌ᠳ᠋ᠠᠯ ᠢ ᠨᠠᠷᠢᠨ ᠣᠢ᠌ᠯᠠᠭᠠᠭᠰᠠᠨ ᠪᠦᠭᠡᠳ ᠤᠳ᠋ᠤᠬᠢ ᠱᠠᠳ᠋ᠤᠨ ᠤ ᠤᠷᠤᠰᠢᠵᠤ ᠪᠠᠢ᠌ᠭ᠎ᠠ ᠠᠰᠠᠭᠤᠳ᠋ᠠᠯ ᠪᠣᠯᠣᠨ ᠬᠦᠴᠢᠷᠳ᠋ᠡᠯ ᠲᠡᠶ ᠪᠠᠢ᠌ᠳ᠋ᠠᠯ ᠤᠨ ᠲᠤᠭᠤᠷᠢᠨ ᠳᠤ ᠭᠦᠨᠵᠡᠭᠡᠢ ᠰᠤᠯᠢᠯᠴᠡᠨ ᠵᠠᠳ᠋ᠠᠯᠵᠤ᠂ ᠪᠣᠳ᠋ᠠᠳ᠋ᠠᠢ ᠰᠠᠨᠠᠯ ᠰᠠᠨᠠᠭᠤᠯᠭ᠎ᠠ ᠲᠤᠷᠠᠳᠪᠠ᠃

        
          ᠪᠠᠢ᠌ᠴᠠᠭᠠᠨ ᠰᠤᠳ᠋ᠤᠯᠬᠤ ᠲᠤᠭᠤᠢ᠌ᠯᠠᠩ ᠡᠴᠡ᠂ ᠬᠤᠰᠢᠭᠤᠨ ᠤ ᠠᠷᠠᠳ ᠤᠨ ᠶᠠᠪᠤᠳ᠋ᠠᠯ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦ᠋ᠴᠢᠷ ᠠᠷᠠᠳ ᠲᠥᠮᠡᠨ ᠶᠢᠡᠷ ᠭᠣᠤᠯ  ᠪᠣᠯᠭᠠᠬᠤ ᠬᠦᠭ᠍ᠵᠢᠯᠳ᠋ᠡ ᠶᠢᠨ ᠦᠵᠡᠯ ᠰᠠᠨᠠᠭ᠎ᠠ ᠶᠢ ᠪᠠᠷᠢᠮᠳ᠋ᠡᠯᠡᠨ᠂ ᠠᠷᠠᠳ ᠤᠨ ᠠᠮᠢᠳ᠋ᠤᠷᠠᠯ ᠤᠨ ᠠᠵᠢᠯ ᠢ ᠴᠢᠬᠤᠯᠠ ᠪᠠᠢ᠌ᠷᠢᠨ ᠳᠤ ᠲᠠᠯᠪᠢᠵᠤ᠂ ᠤᠯᠠᠨ ᠲᠠᠯ᠎ᠠ ᠶᠢᠨ ᠬᠦᠴᠦᠨ ᠢ ᠲᠠᠢ᠌ᠴᠢᠯᠡᠨ᠂ ᠠᠵᠢᠯ ᠤᠨ ᠰᠢᠰᠲ᠋ᠸᠮ ᠢ ᠲᠡᠭᠦᠯᠳ᠋ᠡᠷᠵᠢᠭᠦᠯᠵᠦ᠂ ᠦᠢᠯᠡᠴᠢᠯᠡᠭᠡᠨ ᠦ ᠠᠷᠭ᠎ᠠ ᠬᠡᠯᠪᠡᠷᠢ ᠶᠢᠨ ᠰᠢᠨ᠎ᠠ ᠶᠢ ᠡᠭᠦᠳ᠋ᠦᠨ᠂ ᠪᠦᠬᠦ ᠬᠣᠰᠢᠭᠤᠨ ᠤ ᠠᠷᠠᠳ ᠤᠨ ᠠᠮᠢᠳ᠋ᠤᠷᠠᠯ ᠤᠨ ᠦᠢᠯᠡᠴᠢᠯᠡᠭᠡᠨ ᠦ ᠬᠢᠷᠢ ᠲᠥᠪᠰᠢᠨ ᠢ ᠪᠥᠬᠦ ᠲᠠᠯ᠎ᠠ ᠪᠠᠷ ᠲᠡᠭᠡᠭ᠍ᠰᠢᠯᠡᠭᠦᠯᠬᠦ ᠬᠡᠷᠡᠭ᠍ᠲᠡᠢ᠃ ᠴᠠᠭ ᠤᠨ ᠵᠠᠩᠭᠢᠯᠠᠭ᠎ᠠ ᠶᠢᠨ ᠴᠡᠭ᠌ ᠢ ᠴᠢᠩᠭ᠎ᠠ ᠡᠵᠡᠮᠳ᠋ᠡᠵᠦ᠂ ᠠᠵᠢᠯ ᠤᠨ ᠡᠭᠦᠷᠭᠡ ᠪᠡᠨ ᠨᠠᠷᠢᠯᠢᠭᠵᠢᠭᠤᠯᠤᠨ᠂ ᠠᠵᠢᠯ ᠤᠨ ᠬᠤᠭᠤᠴᠠᠭ᠎ᠠ ᠪᠠᠨ ᠰᠠᠢ᠌ᠳ᠋ᠤᠷ ᠲᠣᠬᠢᠷᠠᠭᠤᠯᠵᠤ᠂ ᠤᠷᠤᠰᠢᠭᠤᠯᠭ᠎ᠠ ᠶᠢᠨ ᠭᠠᠵᠠᠷ ᠦᠨ ᠲᠥᠷᠥᠯ ᠵᠦ᠋ᠢᠯ ᠦᠨ ᠪᠦᠳ᠋ᠦᠭᠡᠨ ᠪᠠᠢ᠌ᠭᠤᠯᠤᠯᠳ᠋ᠠ ᠶᠢ ᠥᠨᠳ᠋ᠦᠷ ᠪᠦᠳ᠋ᠦᠮᠵᠢᠳ᠋ᠠᠢ ᠠᠬᠢᠭᠤᠯᠬᠤ ᠬᠡᠷᠡᠭ᠍ᠲᠡᠢ᠃ ᠤᠬᠠᠭᠤᠯᠭ᠎ᠠ ᠶᠢᠨ ᠡᠷᠴᠢᠮ  ᠢᠶᠡᠨ ᠴᠢᠩᠭ᠋ᠠᠷᠠᠭᠤᠯᠵᠤ᠂ ᠤᠯᠠᠨ ᠵᠦ᠋ᠢᠯ ᠦᠨ ᠠᠷᠭ᠎ᠠ ᠬᠡᠯᠪᠡᠷᠢ ᠪᠡᠷ ᠠᠮᠢ ᠠᠬᠤᠢ ᠶᠢᠨ ᠤᠷᠤᠰᠢᠭᠤᠯᠭ᠎ᠠ ᠶᠢ ᠰᠠᠨᠠᠭᠠᠴᠢᠯᠡᠨ᠂ ᠵᠠᠷᠤᠳ ᠬᠣᠰᠢᠭᠤᠨ ᠤ ᠭᠠᠵᠠᠷ ᠰᠢᠷᠤᠢ ᠶᠢ ᠠᠷᠪᠢᠯᠡᠵᠦ ᠠᠮᠢ ᠠᠬᠤᠢ ᠶᠢᠨ ᠤᠷᠤᠰᠢᠭᠤᠯᠭ᠎ᠠ ᠶᠢ ᠵᠤᠷᠢᠭᠵᠢᠭᠤᠯᠬᠤ ᠪᠠ ᠱᠠᠩᠨᠠᠬᠤ ᠠᠷᠭ᠎ᠠ ᠶᠢ ᠲᠤᠭᠳ᠋ᠠᠭᠠᠵᠤ᠂ ᠭᠠᠵᠷ ᠰᠢᠷᠤᠢ ᠠᠷᠪᠢᠯᠠᠬᠤ ᠠᠮᠢ ᠠᠬᠤᠢ ᠶᠢᠨ ᠬᠡᠯᠪᠡᠷᠢ ᠶᠢᠨ ᠮᠠᠯᠵᠢᠬᠤ ᠲᠠᠷᠢᠶᠠᠯᠠᠬᠤ ᠤᠷᠤᠨ ᠤ ᠨᠡᠢ᠌ᠲᠡ ᠶᠢᠨ ᠠᠰᠠᠷᠠᠮᠵᠢ ᠶᠢᠨ ᠴᠢᠨᠠᠷᠳ᠋ᠠᠢ ᠤᠩᠭ᠋ᠤᠨ ᠤ ᠪᠦᠳ᠋ᠦᠭᠡᠨ ᠪᠠᠢ᠌ᠭᠤᠯᠤᠯᠳ᠋ᠠ ᠶᠢ ᠲᠦ᠋ᠷᠭᠡᠳᠭᠡᠨ ᠠᠬᠢᠭᠤᠯᠵᠦ᠂ ᠲᠠᠷᠬᠠᠢ ᠪᠣᠳ᠋ᠠᠷᠬᠠᠢ ᠪᠣᠯᠠᠵᠤ ᠲᠣᠷ᠎ᠠ ᠪᠠᠷ ᠤᠷᠤᠰᠢᠭᠤᠯᠬᠤ ᠶᠢ ᠵᠠᠰᠠᠨ᠂ ᠮᠠᠨ ᠤ ᠬᠣᠰᠢᠭᠤᠨ ᠤ ᠤᠷᠤᠰᠢᠭᠤᠯᠭ᠎ᠠ ᠶᠢᠨ ᠦᠭᠡᠷᠡᠴᠢᠯᠡᠯᠳ᠋ᠡ ᠶᠢᠨ ᠠᠵᠢᠯ ᠢ ᠭᠦᠨᠵᠡᠭᠡᠢ ᠠᠬᠢᠭᠤᠯᠬᠤ ᠬᠡᠷᠡᠭ᠍ᠲᠡᠢ ᠭᠡᠵᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠯᠦ᠋ᠪᠸᠢ ᠪᠠᠯᠭᠠᠰᠤ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠲᠤᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠦᠷᠨᠢᠭᠦᠯᠪᠡ
ᠳᠠᠷᠠᠭᠠᠬᠢ᠄ ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠲᠡᠶ ᠰᠤᠷᠪᠣᠯᠵᠢᠯᠡᠨ ᠬᠠᠷᠢᠯᠴᠠᠬᠤ ᠠᠵᠢᠯᠯᠠᠭ᠎ᠠ ᠦᠷᠨᠢᠭᠦᠯᠪᠡ