ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ



ᠤᠢ᠌ᠷ᠎ᠠ ᠶᠢᠨ ᠡᠳ᠋ᠦᠷ᠂ ᠯᠦ᠋ᠪᠸᠢ ᠪᠠᠯᠭᠠᠰᠤ ᠪᠦᠬᠦ ᠪᠠᠯᠭᠠᠰᠤᠨ ᠤ ᠡᠯ᠎ᠠ ᠱᠠᠳ᠋ᠤᠨ ᠤ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ᠂ ᠬᠤᠳ᠋ᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠯᠢᠦ ᠹᠦ᠋ ᠶᠢᠩ ᠤᠨ《ᠰᠢᠨ᠎ᠠ ᠴᠠᠭ ᠥᠶ᠎ᠠ ᠰᠢᠨ᠎ᠠ ᠠᠶᠠᠨ ᠵᠠᠮ ᠳᠤ ᠲᠤᠮᠳ᠋ᠠᠳ᠋ᠤ ᠤᠯᠤᠰ ᠤᠨ ᠤᠨᠴᠠᠯᠢᠭ ᠲᠡᠶ ᠨᠡᠢ᠌ᠭᠡᠮ ᠵᠢᠷᠤᠮ ᠢ ᠪᠠᠷᠢᠮᠳ᠋ᠡᠯᠡᠨ ᠬᠦᠭ᠍ᠵᠢᠭᠦᠯᠬᠦ ᠤᠯᠤᠰ ᠲᠥᠷᠥ ᠶᠢᠨ ᠲᠤᠩᠬᠠᠭ ᠪᠠ ᠠᠵᠢᠯᠯᠠᠭᠠᠨ ᠤ ᠬᠦᠳ᠋ᠦᠯᠪᠦᠷᠢ》ᠪᠠᠷ ᠭᠣᠣᠯ ᠰᠡᠳ᠋ᠦᠪ ᠪᠣᠯᠭᠠᠨ ᠶᠠᠷᠢᠭᠰᠠᠨ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠦ᠋ᠯᠵᠢᠶᠡᠨ ᠲᠡᠭᠡᠷ᠎ᠠ ᠰᠤᠷᠤᠯᠴᠠᠪᠠ᠃ (ᠯᠸᠢ ᠫᠠᠩ)