ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠤᠷᠢᠶ᠎ᠠ ᠠᠷᠠᠳ ᠤᠨ ᠲᠦ᠋ᠯᠦᠭᠡᠯᠡᠭ᠍ᠴᠢᠳ ᠲᠡᠶ ᠰᠤᠷᠪᠣᠯᠵᠢᠯᠡᠨ ᠬᠠᠷᠢᠯᠴᠠᠬᠤ ᠠᠵᠢᠯᠯᠠᠭ᠎ᠠ ᠦᠷᠨᠢᠭᠦᠯᠪᠡ
ᠤᠢ᠌ᠷ᠎ᠠ ᠶᠢᠨ ᠡᠳ᠋ᠦᠷ᠂ ᠵᠠᠷᠤᠳ ᠬᠣᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶ᠎ᠠ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠡᠨ ᠤᠬᠠᠭᠤᠯᠵᠤ ᠲᠤᠭᠤᠰᠢᠯᠠᠭᠤᠯᠬᠤ ᠪᠠᠷ ᠲᠣᠬᠢᠶᠠᠯ ᠪᠣᠯᠭᠠᠨ᠂ ᠪᠠᠢ᠌ᠩᠭ᠋ᠤ ᠶᠢᠨ ᠬᠤᠷᠢᠶᠠᠨ ᠤ ᠭᠣᠤᠯ ᠤᠳ᠋ᠤᠷᠢᠳ᠋ᠤᠯᠭ᠎ᠠ ᠲᠦ᠋ᠷᠦᠭᠦᠯᠡᠨ《ᠦᠨᠳ᠋ᠦᠰᠦᠨ ᠱᠠᠳ᠋ᠤᠨ ᠳᠤ ᠭᠦᠨᠵᠡᠭᠡᠢ᠌ᠷᠡᠬᠦ᠂ ᠪᠠᠢ᠌ᠴᠠᠭᠠᠨ ᠰᠤᠳ᠋ᠤᠯᠵᠤ ᠰᠤᠷᠪᠤᠯᠵᠢᠯᠡᠬᠤ᠂ ᠰᠠᠨᠠᠯ ᠰᠤᠨᠤᠰᠬᠤ᠂ ᠬᠦᠭ᠍ᠵᠢᠯᠳ᠋ᠡ ᠶᠢ ᠠᠬᠢᠭᠤᠯᠬᠤ》ᠲᠠᠯ᠎ᠠ ᠪᠠᠷ ᠠᠷᠠᠳ ᠤᠨ ᠲᠦ᠋ᠯᠦᠭᠡᠯᠡᠭ᠍ᠴᠢᠳ ᠲᠡᠶ ᠰᠤᠷᠪᠤᠯᠵᠢᠯᠡᠨ ᠬᠠᠷᠢᠯᠴᠠᠬᠤ ᠠᠵᠢᠯᠯᠠᠭ᠎ᠠ ᠶᠢ ᠵᠤᠬᠢᠶᠠᠨ ᠪᠠᠢ᠌ᠭᠤᠯᠵᠤ ᠦᠷᠨᠢᠭᠦᠯᠪᠡ᠃

ᠰᠤᠷᠪᠣᠯᠵᠢᠯᠠᠭ᠎ᠠ ᠶᠢᠨ ᠲᠣᠮᠲᠠ᠂ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠡᠷᠬᠢᠯᠡᠭ᠍ᠴᠢ ᠡᠦ ᠴᠢᠩ ᠬᠠᠢ᠂ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠲᠤᠰ ᠲᠤᠰ ᠡᠯ᠎ᠠ ᠰᠤᠮᠤ ᠪᠠᠯᠭᠠᠰᠤ᠂ ᠵᠡᠭᠡᠯᠢ ᠭᠤᠳ᠋ᠤᠮᠵᠢ ᠪᠣᠯᠣᠨ ᠠᠵᠢᠯ ᠲᠥᠷᠥᠯ ᠦᠨ ᠰᠠᠯᠠᠭ᠎ᠠ ᠮᠦ᠋ᠴᠢᠷ ᠲᠤ ᠭᠦᠨᠵᠡᠭᠡᠢ᠌ᠷᠡᠨ᠂ ᠲᠦ᠋ᠯᠦᠭᠡᠯᠡᠭ᠍ᠴᠢᠳ ᠲᠡᠶ ᠨᠢᠭᠤᠷᠳ᠋ᠡᠨ ᠶᠠᠷᠢᠯᠴᠡᠵᠦ᠂ ᠠᠷᠠᠳ ᠤᠨ ᠪᠠᠢ᠌ᠳ᠋ᠠᠯ ᠢ ᠠᠰᠠᠭᠤᠨ᠂ ᠲᠡᠳ᠋ᠡᠨ ᠳ᠋ᠦ ᠨᠠᠮ ᠤᠨ ᠴᠢᠭᠯᠡᠯᠳ᠋ᠡ ᠲᠥᠷᠥ ᠶᠢᠨ ᠪᠣᠳ᠋ᠤᠯᠭ᠎ᠠ ᠪᠤᠯᠤᠨ ᠪᠦᠬᠦ ᠬᠣᠰᠢᠭᠤᠨ ᠤ ᠭᠣᠤᠯ ᠠᠵᠢᠯ ᠵᠢᠴᠢ ᠠᠵᠤ ᠠᠬᠤᠢ ᠨᠡᠢ᠌ᠭᠡᠮ ᠦᠨ ᠬᠦᠭ᠍ᠵᠢᠯᠳ᠋ᠡ ᠶᠢᠨ ᠪᠠᠢ᠌ᠳ᠋ᠠᠯ ᠢ ᠲᠠᠢ᠌ᠯᠪᠤᠷᠢᠯᠡᠵᠦ᠂ ᠲᠦ᠋ᠯᠦᠭᠡᠯᠡᠭ᠍ᠴᠢᠳ ᠦᠨ ᠠᠵᠢᠯ ᠠᠮᠢᠳ᠋ᠤᠷᠠᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭ᠍ᠰᠡᠨ ᠪᠠ ᠬᠤᠷᠠᠯ ᠲᠡᠭᠦᠰᠦᠭ᠍ᠰᠡᠨ ᠬᠤᠭᠤᠴᠠᠭᠠᠨ ᠳ᠋ᠠᠬᠢ ᠲᠦ᠋ᠯᠦᠭᠡᠯᠡᠭ᠍ᠴᠢᠳ ᠦᠨ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠢ ᠨᠠᠷᠢᠨ ᠣᠢ᠌ᠯᠠᠭᠠᠵᠤ᠂ ᠲᠦ᠋ᠯᠦᠭᠡᠯᠡᠭ᠍ᠴᠢᠳ ᠦᠨ ᠲᠤᠷᠠᠳ᠋ᠤᠭᠰᠠᠨ ᠰᠠᠨᠠᠯ ᠰᠠᠨᠠᠭᠤᠯᠭ᠎ᠠ ᠶᠢ ᠰᠤᠨᠤᠰᠪᠠ᠃ ᠡᠭᠦᠨ ᠦ ᠬᠠᠮᠳ᠋ᠤ《ᠠᠷᠠᠳ ᠤᠨ ᠲᠦ᠋ᠯᠦᠭᠡᠯᠡᠭ᠍ᠴᠢ ᠶᠢᠨ ᠭᠡᠷ ᠪᠦᠯᠢ》ᠪᠠ ᠨᠡᠢ᠌ᠭᠡᠮ ᠲᠤᠭᠤᠷᠢᠭ ᠤᠨ ᠠᠷᠠᠳ ᠤᠨ ᠲᠥᠯᠦᠭᠡᠯᠡᠭ᠍ᠴᠢᠳ ᠦᠨ ᠦᠢᠯᠡᠴᠢᠯᠡᠭᠡᠨ ᠦ ᠲᠥᠪ ᠦᠨ ᠪᠠᠢ᠌ᠭᠤᠯᠤᠯᠳ᠋ᠠ᠂ ᠬᠠᠮᠢᠶᠠᠷᠤᠯᠳ᠋ᠠ᠂ ᠠᠵᠢᠯᠯᠠᠭᠠᠨ ᠵᠢᠴᠢ ᠦᠢᠯᠡᠳ᠋ᠦᠯ ᠢ ᠪᠠᠳ᠋ᠠᠷᠠᠭᠤᠯᠤᠭᠰᠠᠨ ᠪᠠᠢ᠌ᠳ᠋ᠠᠯ ᠵᠢᠴᠢ ᠦᠨᠳ᠋ᠦᠰᠦᠨ ᠱᠠᠳ᠋ᠤᠨ ᠤ ᠲᠥᠯᠦᠭᠡᠯᠡᠭ᠍ᠴᠢᠳ ᠦᠨ ᠲᠤᠭᠤᠢ᠌ᠯᠠᠩ ᠤᠨ ᠠᠵᠢᠯᠯᠠᠭ᠎ᠠ ᠦᠷᠨᠢᠭᠦᠯᠦᠭ᠍ᠰᠡᠨ ᠪᠠᠢ᠌ᠳ᠋ᠠᠯ ᠢ ᠲᠤᠬᠠᠢ ᠶᠢᠨ ᠲᠠᠯᠠᠪᠤᠷ ᠲᠤᠨᠢ ᠪᠠᠢ᠌ᠴᠠᠭᠠᠨ ᠰᠤᠳ᠋ᠤᠯᠤᠯᠳ᠋ᠠ ᠬᠢᠪᠡ᠃

ᠲᠤᠰ ᠤᠳ᠋ᠠᠭᠠᠨ ᠤ ᠰᠤᠷᠪᠤᠯᠵᠢᠯᠡᠨ ᠬᠠᠷᠢᠯᠴᠠᠬᠤ ᠪᠠᠷ ᠲᠠᠮᠵᠢᠨ᠂ ᠠᠷᠠᠳ ᠤᠨ ᠲᠦ᠋ᠯᠦᠭᠡᠯᠡᠭ᠍ᠴᠢᠳ ᠲᠤ ᠤᠨᠤᠯ᠂ ᠲᠥᠷᠥ ᠶᠢᠨ ᠪᠣᠳ᠋ᠤᠯᠭ᠎ᠠ᠂ ᠮᠡᠳ᠋ᠡᠭᠡ ᠵᠠᠩᠭᠢ ᠭᠦᠷᠭᠡᠵᠦ᠂ ᠬᠡᠪ ᠴᠢᠨᠠᠷ ᠢ ᠨᠢ ᠲᠡᠭᠡᠭ᠍ᠰᠢᠯᠡᠭᠦᠯᠦᠨ᠂ ᠴᠢᠳ᠋ᠠᠪᠤᠷᠢ ᠶᠢ ᠨᠢ ᠴᠢᠩᠭ᠋ᠠᠷᠠᠭᠤᠯᠵᠤ᠂ ᠠᠵᠢᠯ ᠤᠨ ᠰᠡᠳᠭᠢᠮᠵᠢ ᠶᠢ ᠨᠢ ᠤᠯᠠᠮ ᠨᠢᠭᠡ ᠠᠯᠬᠤᠮ ᠲᠤᠳ᠋ᠤᠷᠬᠠᠢ ᠪᠣᠯᠭᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠭᠤᠤᠯᠳ᠋ᠠᠯᠭ᠎ᠠ ᠶᠢ ᠲᠤᠳ᠋ᠤᠷᠬᠠᠢ᠌ᠯᠡᠵᠦ᠂ ᠨᠡᠢ᠌ᠭᠡᠮ ᠦᠨ ᠪᠠᠢ᠌ᠳ᠋ᠠᠯ ᠠᠷᠠᠳ ᠤᠨ ᠰᠠᠨᠠᠭ᠎ᠠ ᠶᠢ ᠲᠤᠰᠬᠠᠬᠤ ᠪᠠ ᠢᠯᠡᠳᠭᠡᠬᠦ ᠠᠷᠭ᠎ᠠ ᠵᠠᠮ ᠢ ᠰᠢᠯᠤᠭᠤᠳᠬᠠᠨ᠂ ᠲᠦ᠋ᠯᠦᠭᠡᠯᠡᠭ᠍ᠴᠢᠳ ᠦᠨ ᠪᠥᠬᠦ ᠬᠣᠰᠢᠭᠤᠨ ᠤ ᠴᠢᠨᠠᠷ ᠰᠠᠢ᠌ᠲᠠᠢ ᠬᠦᠭ᠍ᠵᠢᠯᠳ᠋ᠡ ᠶᠢ ᠠᠬᠢᠭᠤᠯᠬᠤ ᠲᠣᠮᠲᠠ ᠰᠢᠨ᠎ᠠ ᠵᠢᠳᠬᠥᠯ ᠴᠢᠷᠮᠠᠢ᠌ᠯᠭ᠎ᠠ ᠭᠠᠷᠭᠠᠬᠤ ᠶᠢ ᠵᠤᠷᠢᠭᠵᠢᠭᠤᠯᠪᠠ᠃ (ᠯᠸᠢ ᠫᠠᠩ)