ᠵᠠᠷᠤᠳ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ (ᠦᠷᠭᠡᠳᠭᠡᠭ᠍ᠰᠡᠨ) ᠬᠤᠷᠠᠯ ᠵᠢᠴᠢ ᠠᠷᠪᠠᠨ ᠲᠥᠷᠪᠡᠳ᠋ᠦᠭᠡᠷ ᠤᠳ᠋ᠠᠭᠠᠨ ᠤ ᠡᠷᠬᠢᠯᠡᠭ᠍ᠴᠢ ᠶᠢᠨ ᠬᠤᠷᠠᠯ ᠬᠤᠷᠠᠯᠳ᠋ᠤᠪᠠ
3 ᠰᠠᠷ᠎ᠠ ᠶᠢᠨ 26 ᠦ ᠡᠳ᠋ᠦᠷ᠂ ᠵᠠᠷᠤᠳ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ (ᠦᠷᠭᠡᠳᠭᠡᠭ᠍ᠰᠡᠨ) ᠬᠤᠷᠠᠯ ᠵᠢᠴᠢ ᠠᠷᠪᠠᠨ ᠲᠥᠷᠪᠡᠳ᠋ᠦᠭᠡᠷ ᠤᠳ᠋ᠠᠭᠠᠨ ᠤ ᠡᠷᠬᠢᠯᠡᠭ᠍ᠴᠢ ᠶᠢᠨ ᠬᠤᠷᠠᠯ ᠬᠤᠷᠠᠯᠳ᠋ᠤᠪᠠ᠃ ᠪᠠᠢ᠌ᠩᠭ᠋ᠤ ᠶᠢᠨ ᠬᠤᠷᠢᠶᠡᠨ ᠤ ᠲᠡᠳ᠋ ᠡᠷᠬᠢᠯᠡᠭ᠍ᠴᠢ ᠪᠣᠤ ᠯᠦ᠋ᠩ᠂ ᠵᠠᠩ ᠶᠦ᠋ᠩ ᠴᠢᠶᠠᠩ᠂ ᠵᠠᠩ ᠴᠥᠨ ᠡᠾᠦ᠋ᠢ᠂ ᠶᠡᠩ ᠵᠸᠨ ᠴᠢᠩ ᠵᠢᠴᠢ ᠬᠡᠰᠡᠭ᠌ ᠠᠵᠢᠯ ᠦᠨ ᠵᠦ᠋ᠪᠯᠡᠯ ᠦᠨ ᠬᠠᠷᠢᠭᠤᠴᠠᠯᠭᠠᠳ᠋ᠠᠨ ᠬᠤᠷᠠᠯ ᠳᠤ ᠤᠷᠤᠯᠴᠠᠪᠠ᠃ ᠬᠤᠷᠠᠯ ᠢ ᠬᠤᠰᠢᠭᠤᠨ ᠤ ᠠᠷᠠᠳ ᠤᠨ ᠲᠥᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠨᠠᠮ ᠤᠨ ᠤᠳ᠋ᠤᠷᠢᠳᠬᠤ ᠲᠤᠭᠤᠢ᠌ᠯᠠᠩ ᠤᠨ ᠱᠦ᠋ᠵᠢ᠂ ᠡᠷᠬᠢᠯᠡᠭ᠍ᠴᠢ ᠡᠦ ᠴᠢᠩ ᠬᠠᠢ ᠡᠷᠬᠢᠯᠡᠪᠡ᠃

ᠬᠤᠷᠡᠯ ᠲᠡᠭᠡᠷ᠎ᠠ᠂ ᠡᠦ ᠴᠢᠩ ᠬᠠᠢ ᠡᠴᠡ《ᠰᠢ ᠵᠢᠨ ᠫᠢᠩ᠄ ᠠᠷᠪᠠᠨ ᠲᠥᠷᠪᠡᠳ᠋ᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠩᠬᠠᠳ᠋ᠤᠭᠠᠷ ᠬᠤᠷᠠᠯ ᠲᠡᠭᠡᠷᠡᠬᠢ ᠶᠡᠷᠢᠶ᠎ᠠ》 ᠶᠢ ᠲᠠᠭᠠᠭᠤᠯᠤᠨ ᠰᠤᠷᠤᠯᠴᠠᠪᠠ᠃
ᠬᠤᠷᠠᠯ ᠡᠴᠡ ᠵᠠᠷᠤᠳ ᠬᠣᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠷᠢᠳᠬᠤ ᠪᠠᠭ ᠤᠨ ᠪᠦᠷᠢᠯᠳ᠋ᠦᠭᠦᠨ ᠦ ᠠᠵᠢᠯ ᠤᠨ ᠬᠤᠪᠢᠶᠠᠷᠢᠯᠠᠯ ᠢ ᠶᠠᠷᠢᠯᠴᠡᠨ ᠲᠤᠭᠳ᠋ᠠᠭᠠᠪᠠ ︔ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠡᠨ ᠤ 《ᠵᠠᠷᠤᠳ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠡᠷᠬᠢᠯᠡᠭ᠍ᠴᠢ᠂ ᠲᠡᠳ᠋ ᠡᠷᠬᠢᠯᠡᠭ᠍ᠴᠢ ᠰᠤᠮᠤ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠢ ᠲᠠᠭᠠᠭᠠᠴᠢᠯᠡᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠭᠤᠤᠯᠳ᠋ᠠᠯᠭ᠎ᠠ ᠲᠡᠶ ᠠᠵᠢᠯ ᠢ ᠠᠬᠢᠭᠤᠯᠬᠤ ᠲᠤᠬᠠᠢ ᠮᠡᠳ᠋ᠡᠭ᠍ᠳ᠋ᠡᠯ》 ᠢ ᠶᠠᠷᠢᠯᠴᠡᠨ ᠪᠠᠲᠤᠯᠠᠪᠠ ︔《ᠵᠠᠷᠤᠳ ᠬᠣᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ 2023 ᠣᠨ ᠤ ᠰᠤᠮᠤ ᠪᠠᠯᠭᠠᠰᠤ (ᠵᠡᠭᠡᠯᠢ ᠭᠤᠳ᠋ᠤᠮᠵᠢ) ᠶᠢᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠤᠨ ᠶᠡᠷᠦᠩᠬᠡᠢ᠌ᠯᠡᠨ ᠬᠢᠨᠠᠨ ᠰᠢᠯᠭᠠᠬᠤ ᠠᠷᠭ᠎ᠠ》 ᠵᠢᠴᠢ ᠬᠢᠨᠠᠨ ᠰᠢᠯᠭᠠᠬᠤ ᠲᠥᠷᠢᠮ ᠢ ᠰᠤᠳ᠋ᠤᠯᠤᠨ ᠲᠤᠭᠳ᠋ᠠᠭᠠᠪᠠ ︔ ᠬᠤᠰᠢᠭᠤᠨ ᠤ ᠠᠷᠪᠠᠨ ᠲᠤᠯᠤᠳ᠋ᠤᠭᠠᠷ ᠬᠤᠭᠤᠴᠠᠭᠠᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠲᠤᠯᠤᠳ᠋ᠤᠭᠠᠷ ᠤᠳ᠋ᠠᠭᠠᠨ ᠤ ᠬᠤᠷᠠᠯ ᠤᠨ ᠶᠡᠷᠦᠩᠬᠡᠢ ᠪᠢᠯᠸᠲ ᠬᠢᠨᠠᠭᠴᠢ ᠪᠠ ᠪᠢᠯᠸᠲ ᠬᠢᠨᠠᠭᠴᠢ ᠶᠢᠨ ᠨᠡᠷᠡᠰ ᠢ ᠰᠤᠳ᠋ᠤᠯᠤᠨ ᠲᠤᠭᠳ᠋ᠠᠭᠠᠪᠠ ︔ ᠪᠠᠢ᠌ᠩᠭ᠋ᠤ ᠶᠢᠨ ᠬᠤᠷᠢᠶᠠᠨ ᠤ ᠬᠤᠷᠠᠯ ᠤᠨ ᠵᠦ᠋ᠪᠯᠡᠬᠦ ᠵᠦ᠋ᠢᠯ ᠢ ᠰᠤᠳ᠋ᠤᠯᠤᠨ ᠲᠤᠭᠳ᠋ᠠᠭᠠᠪᠠ᠃
ᠬᠤᠷᠠᠯ ᠲᠡᠭᠡᠷ᠎ᠠ᠂ ᠡᠦ ᠴᠢᠩ ᠬᠠᠢ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠤᠳ᠋ᠤᠬᠠᠨ ᠤ ᠪᠠ ᠬᠣᠢ᠌ᠰᠢᠳ᠋ᠠ ᠶᠢᠨ ᠠᠵᠢᠯ ᠢ ᠤᠯᠠᠮ ᠨᠢᠭᠡ ᠠᠯᠬᠤᠮ ᠰᠠᠢ᠌ᠳ᠋ᠤᠷ ᠠᠳᠬᠤᠵᠦ᠂ ᠪᠠᠢ᠌ᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠪᠠ ᠡᠳ᠋ᠦᠷ ᠲᠤᠳ᠋ᠤᠮ ᠤᠨ ᠬᠠᠮᠢᠶᠠᠷᠤᠯᠳ᠋ᠠ ᠶᠢ ᠴᠢᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠤᠷᠢᠶᠠᠨ ᠤ ᠬᠠᠦᠯᠢ ᠬᠡᠷᠡᠭ᠍ᠵᠢᠭᠦᠯᠦᠯᠳ᠋ᠡ ᠶᠢᠨ ᠪᠠᠢ᠌ᠴᠠᠭᠠᠯᠳ᠋ᠠ᠂ ᠲᠤᠭᠤᠷᠢᠨ ᠪᠠᠢ᠌ᠴᠠᠭᠠᠵᠤ ᠰᠤᠳ᠋ᠤᠯᠬᠤ᠂ ᠦᠨᠡᠯᠡᠬᠦ ᠵᠢᠴᠢ ᠲᠦ᠋ᠯᠦᠭᠡᠯᠡᠭ᠍ᠴᠢᠳ ᠲᠡᠶ ᠬᠠᠷᠢᠯᠴᠠᠬᠤ᠂ ᠮᠡᠳ᠋ᠡᠭᠡ ᠵᠠᠩᠭᠢ ᠶᠢᠨ ᠪᠠᠢ᠌ᠴᠠᠭᠠᠨ ᠰᠤᠳ᠋ᠤᠯᠤᠯᠳ᠋ᠠ ᠵᠡᠷᠭᠡ ᠡᠯ᠎ᠠ ᠵᠦ᠋ᠢᠯ ᠦᠨ ᠠᠵᠢᠯ ᠢ ᠪᠣᠳ᠋ᠠᠳ᠋ᠠᠢ ᠲᠤᠬᠢᠷᠠᠭᠤᠯᠤᠨ ᠪᠠᠢ᠌ᠷᠢᠯᠠᠭᠤᠯᠪᠠ (ᠯᠸᠢ ᠫᠠᠩ)