ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠡᠨ ᠤ ᠪᠠᠢ᠌ᠭᠤᠯᠭ᠎ᠠ ᠶᠢᠨ ᠨᠠᠮ ᠤᠨ ᠡᠭᠦᠷ ᠪᠦᠬᠦ ᠤᠯᠤᠰ ᠤᠨ《ᠬᠤᠶᠠᠷ ᠬᠤᠷᠠᠯ》 ᠤᠨ ᠵᠣᠷᠢᠭ ᠰᠠᠨᠠᠭ᠎ᠠ ᠶᠢ ᠰᠤᠷᠤᠯᠴᠠᠪᠠ

3 ᠰᠠᠷ᠎ᠠ ᠶᠢᠨ 24 ᠦ ᠡᠳ᠋ᠦᠷ ᠦᠨ ᠦᠳ᠋ᠡ ᠶᠢᠨ ᠬᠤᠢ᠌ᠨ᠎ᠠ᠂ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠲᠤᠰᠬᠠᠢ ᠰᠡᠳ᠋ᠦᠪᠳ᠋ᠦ ᠬᠤᠷᠠᠯ ᠬᠤᠷᠠᠯᠳ᠋ᠤᠭᠤᠯᠵᠤ᠂ ᠪᠦᠬᠦ ᠤᠯᠤᠰ ᠤᠨ ᠵᠠᠰᠠᠭ ᠤᠨ ᠣᠷᠳ᠋ᠤᠨ ᠤ ᠠᠵᠢᠯ ᠤᠨ ᠢᠯᠡᠳᠭᠡᠯ ᠪᠣᠯᠤᠨ ᠪᠦᠬᠦ ᠣᠯᠣᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠪᠠᠢ᠌ᠩᠭ᠋ᠤ ᠶᠢᠨ ᠬᠣᠷᠢᠶᠠᠨ ᠤ ᠠᠵᠢᠯ ᠤᠨ ᠮᠡᠳ᠋ᠡᠭᠦᠯᠦᠯᠳ᠋ᠡ ᠶᠢ ᠲᠦ᠋ᠪᠯᠡᠷᠡᠭᠦᠯᠦᠨ ᠰᠤᠷᠤᠯᠴᠠᠪᠠ᠃ ᠬᠤᠰᠢᠭᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠣᠷᠠᠯ ᠤᠨ ᠪᠠᠢ᠌ᠩᠭ᠋ᠤ ᠶᠢᠨ ᠬᠣᠷᠢᠶᠠᠨ ᠤ ᠪᠠᠢ᠌ᠭᠤᠯᠭ᠎ᠠ ᠶᠢᠨ ᠨᠠᠮ ᠤᠨ ᠡᠭᠦᠷ ᠦᠨ ᠲᠡᠳ᠋ ᠱᠦ᠋ᠵᠢ ᠯᠢᠶᠠᠩ ᠭᠦᠸᠸ ᠺᠠᠢ ᠲᠠᠭᠠᠭᠤᠯᠤᠨ ᠰᠤᠷᠤᠯᠴᠠᠬᠤ ᠶᠢᠨ ᠬᠠᠮᠳ᠋ᠤ ᠬᠤᠷᠠᠯ ᠡᠷᠬᠢᠯᠡᠪᠡ᠃
ᠬᠤᠷᠠᠯ ᠡᠴᠡ᠂ ᠪᠦᠬᠦ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦ᠋ᠵᠢ ᠰᠢ ᠵᠢᠨ ᠫᠢᠩ ᠦᠨ ᠪᠦᠬᠦ ᠤᠯᠤᠰ ᠤᠨ《ᠬᠤᠶᠠᠷ ᠬᠤᠷᠠᠯ》 ᠤᠨ ᠬᠤᠭᠤᠴᠠᠭᠠᠨ ᠳ᠋ᠠᠬᠢ ᠴᠢᠬᠤᠯᠠ ᠶᠠᠷᠢᠶᠠᠨ ᠤ ᠭᠦᠨ ᠤᠳᠬ᠎ᠠ ᠠᠭᠤᠯᠭ᠎ᠠ ᠶᠢ ᠭᠦᠨᠵᠡᠭᠡᠢ ᠰᠤᠷᠤᠯᠴᠡᠨ ᠤᠢ᠌ᠯᠠᠭᠠᠵᠤ᠂ ᠣᠯᠣᠰ ᠲᠥᠷᠥ ᠶᠢᠨ ᠮᠠᠭᠠᠳᠯᠠᠬᠤ ᠴᠢᠳ᠋ᠠᠪᠤᠷᠢ᠂ ᠤᠯᠤᠰ ᠲᠥᠷᠥ ᠶᠢᠨ ᠤᠢ᠌ᠯᠠᠭᠠᠬᠤ ᠴᠢᠳ᠋ᠠᠪᠤᠷᠢ᠂ ᠤᠯᠤᠰ ᠲᠦ᠋ᠷᠥ ᠶᠢᠨ ᠬᠡᠷᠡᠭ᠍ᠵᠢᠭᠦᠯᠬᠦ ᠴᠢᠳ᠋ᠠᠪᠤᠷᠢ ᠪᠡᠨ ᠦᠨᠡᠨᠬᠦ ᠲᠡᠭᠡᠭ᠍ᠰᠢᠯᠡᠭᠦᠯᠦᠨ᠂ ᠶᠡᠷᠦᠩᠬᠡᠢ ᠱᠦ᠋ᠵᠢ ᠰᠢ ᠵᠢᠨ ᠫᠢᠩ ᠦᠨ ᠲᠤᠷᠠᠳ᠋ᠤᠭᠰᠠᠨ ᠰᠢᠨ᠎ᠠ ᠤᠨᠤᠯ ᠢ ᠦᠨᠡᠨᠬᠦ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠰᠤᠷᠤᠯᠴᠠᠯᠭ᠎ᠠ ᠶᠢᠨ ᠲᠣᠮᠲᠠ ᠨᠠᠢ᠌ᠳ᠋ᠠᠪᠤᠷᠢᠵᠢᠭᠤᠯᠬᠤ ᠬᠡᠷᠡᠭ᠍ᠲᠡᠢ ᠭᠡᠵᠦ ᠱᠠᠭᠠᠷᠳ᠋ᠠᠪᠠ᠃
ᠨᠠᠮ ᠤᠨ ᠭᠡᠰᠢᠭᠦᠨ ᠺᠠᠳ᠋ᠷᠴᠤᠳ ᠡᠴᠡ᠂ ᠪᠦᠬᠦ ᠤᠯᠤᠰ ᠤᠨ《ᠬᠤᠶᠠᠷ ᠬᠤᠷᠠᠯ》 ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠪᠦᠬᠦ ᠤᠯᠤᠰ ᠤᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠤᠭᠳ᠋ᠠᠭᠠᠭᠰᠠᠨ ᠴᠢᠭᠯᠡᠯ ᠢ ᠡᠵᠡᠮᠰᠢᠨ᠂ ᠲᠡᠭᠡᠳ᠋ᠦ ᠱᠠᠳ᠋ᠤᠨ ᠤ ᠨᠠᠮ ᠤᠨ ᠬᠤᠷᠢᠶᠠᠨ ᠤ ᠪᠠᠢ᠌ᠷᠢᠯᠠᠭᠤᠯᠤᠭᠰᠠᠨ ᠡᠯ᠎ᠠ ᠲᠦ᠋ᠷᠦᠯ ᠦᠨ ᠱᠠᠭᠠᠷᠳ᠋ᠠᠯᠭ᠎ᠠ ᠶᠢ ᠭᠦᠨᠵᠡᠭᠡᠢ ᠨᠠᠢ᠌ᠳ᠋ᠠᠪᠤᠷᠢᠵᠢᠭᠤᠯᠵᠦ᠂ ᠪᠦᠯᠬᠦᠮᠳ᠋ᠡᠨ ᠨᠢᠭᠡᠳᠴᠦ ᠡᠨᠡ ᠵᠢᠯ ᠦᠨ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠠᠵᠢᠯ ᠢ ᠰᠠᠢ᠌ᠳ᠋ᠤᠷ ᠬᠢᠨ᠎ᠠ ᠭᠡᠵᠦ ᠰᠠᠨᠠᠯ ᠨᠢᠭᠡᠳ᠋ᠠᠢ ᠢᠯᠡᠳᠭᠡᠵᠡᠭᠡᠪᠡ᠃ (ᠯᠸᠢ ᠫᠠᠩ)