ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠠᠷᠠᠳ ᠤᠨ ᠲᠦ᠋ᠯᠦᠭᠡᠯᠡᠭ᠍ᠴᠢᠳ ᠦᠨ ᠦᠢᠯᠡᠳ᠋ᠦᠯ ᠢ᠁
ᠠᠷᠠᠳ ᠤᠨ ᠲᠦ᠋ᠯᠦᠭᠡᠯᠡᠭ᠍ᠴᠢᠳ ᠦᠨ ᠦᠢᠯᠡᠳ᠋ᠦᠯ ᠢ ᠭᠦᠢᠴᠡᠳ ᠪᠠᠳ᠋ᠠᠷᠠᠭᠤᠯᠵᠤ ᠰᠢᠨᠵᠢᠯᠡᠬᠦ ᠤᠬᠠᠭᠠᠨ ᠢ ᠲᠦ᠋ᠭᠡᠮᠡᠯᠵᠢᠭᠦᠯᠬᠦ ᠮᠡᠳ᠋ᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠳᠤ ᠢᠳ᠋ᠡᠪᠬᠢᠳ᠋ᠠᠢ ᠬᠦᠴᠦᠨ ᠨᠡᠮᠡᠷᠢᠯᠡᠵᠦ ᠪᠠᠢ᠌ᠭ᠎ᠠ

       
        3 ᠰᠠᠷ᠎ᠠ ᠶᠢᠨ 22 ᠦ ᠡᠳ᠋ᠦᠷ᠂ ᠯᠦ᠋ᠪᠸᠢ ᠨᠡᠢ᠌ᠭᠡᠮ ᠲᠤᠭᠤᠷᠢᠭ ᠤᠨ ᠦᠢᠯᠡᠴᠢᠯᠡᠭᠡᠨ ᠦ ᠲᠥᠪ ᠦᠨ ᠰᠢᠦᠸᠠᠢ ᠶᠤᠸᠠᠨ ᠨᠡᠢ᠌ᠭᠡᠮ ᠲᠤᠭᠤᠷᠢᠭ ᠤᠨ ᠠᠷᠠᠳ ᠤᠨ ᠲᠦ᠋ᠯᠦᠭᠡᠯᠡᠭ᠍ᠴᠢᠳ ᠬᠠᠷᠢᠶᠠᠨ ᠤᠷᠤᠨ ᠤ ᠪᠡᠨ ᠬᠡᠪᠴᠢᠶᠡᠨ ᠳ᠋ᠦ ᠰᠢᠨᠵᠢᠯᠡᠬᠦ ᠤᠬᠠᠭᠠᠨ ᠤ ᠮᠡᠳ᠋ᠡᠯᠭᠡ ᠶᠢ ᠲᠦ᠋ᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃

        
        ᠲᠤᠰ ᠤᠳ᠋ᠠᠭᠠᠨ ᠤ ᠣᠬᠠᠭᠤᠯᠭ᠎ᠠ ᠪᠠᠷ ᠲᠠᠮᠵᠢᠨ᠂ ᠭᠠᠮᠰᠢᠭ ᠢ ᠰᠡᠷᠭᠡᠢ᠌ᠯᠡᠵᠦ ᠭᠠᠮᠰᠢᠭ ᠢ ᠪᠠᠭᠠᠰᠬᠠᠬᠤ ᠮᠡᠳ᠋ᠡᠯᠭᠡ ᠶᠢ ᠲᠦ᠋ᠭᠡᠮᠡᠯᠵᠢᠭᠦᠯᠦᠨ ᠲᠡᠯᠭᠡᠷᠡᠭᠦᠯᠵᠦ᠂ ᠰᠠᠭᠤᠭᠠᠯᠢ ᠠᠷᠠᠳ ᠲᠤ ᠴᠠᠭ ᠠᠭᠤᠷ ᠤᠨ ᠮᠡᠳ᠋ᠡᠯᠭᠡ ᠶᠢ ᠨᠡᠩ ᠤᠯᠠᠨ ᠤᠢ᠌ᠯᠠᠭᠠᠭᠤᠯᠵᠤ᠂ ᠰᠠᠭᠤᠭᠠᠯᠢ ᠠᠷᠠᠳ ᠤᠨ ᠭᠠᠮᠰᠢᠭ ᠢ ᠰᠡᠷᠭᠡᠢ᠌ᠯᠡᠵᠦ ᠭᠠᠮᠰᠢᠭ ᠢ ᠪᠠᠭᠠᠰᠬᠠᠬᠤ ᠤᠬᠠᠮᠰᠡᠷ ᠪᠤᠯᠤᠨ ᠭᠠᠮᠰᠢᠭ ᠢ ᠰᠡᠷᠭᠡᠢ᠌ᠯᠡᠵᠦ ᠠᠶᠤᠯ ᠡᠴᠡ ᠵᠠᠢ᠌ᠯᠠᠬᠤ᠂ ᠠᠭᠤᠷ ᠠᠮᠢᠰᠬᠤᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠴᠢᠳ᠋ᠠᠪᠤᠷᠢ ᠶᠢ ᠦᠨᠡᠨᠬᠦ ᠴᠢᠩᠭ᠋ᠠᠳᠬᠠᠪᠠ᠃ (ᠯᠸᠢ ᠫᠠᠩ)

ᠡᠮᠦᠨᠡᠬᠢ᠄ ᠯᠦ᠋ᠪᠸᠢ ᠪᠠᠯᠭᠠᠰᠤᠨ ᠤ ᠠᠷᠠᠳ ᠤᠨ ᠲᠦ᠋ᠯᠦᠭᠡᠯᠡᠭ᠍ᠴᠢᠳ ᠦᠨ ᠶᠡᠬᠡ ᠬᠤᠷᠠᠯ ᠤᠨ ᠲᠡᠷᠢᠭᠦᠯᠡᠭ᠍ᠴᠢᠳ ᠦᠨ ᠪᠦᠯᠬᠦᠮ ᠠᠷᠠᠳ ᠤᠨ ᠲᠥᠯᠦᠭᠡᠯᠡᠭ᠍ᠴᠢᠳ ᠢ ᠵᠤᠬᠢᠶᠠᠨ ᠪᠠᠢ᠌ᠭᠤᠯᠵᠤ ᠨᠠᠮ ᠤᠨ ᠬᠤᠷᠢᠳ᠋ᠤᠭᠠᠷ ᠶᠡᠬᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ
ᠳᠠᠷᠠᠭᠠᠬᠢ᠄ ᠪᠠᠶᠠᠨᠳ᠋ᠠᠯ᠎ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠠᠵᠢᠯ ᠳ᠋ᠦ ᠬᠦᠴᠦᠨ ᠨᠡᠮᠡᠷᠢᠯᠡᠵᠦ ᠪᠠᠢ᠌ᠭ᠎ᠠ