ᠪᠠᠶᠠᠨᠳ᠋ᠠᠯ᠎ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢᠳ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠠᠵᠢᠯ ᠳ᠋ᠦ ᠬᠦᠴᠦᠨ ᠨᠡᠮᠡᠷᠢᠯᠡᠵᠦ ᠪᠠᠢ᠌ᠭ᠎ᠠ



ᠪᠠᠶᠠᠨᠳ᠋ᠠᠯ᠎ᠠ ᠰᠤᠮᠤ ᠶᠢᠨ ᠨᠢᠭᠡᠳ᠋ᠦᠭᠡᠷ ᠤᠯᠠᠷᠢᠯ ᠤᠨ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠬᠢᠨᠠᠨ ᠬᠡᠮᠵᠢᠵᠦ ᠬᠠᠪᠰᠤᠷᠤᠨ ᠲᠡᠳᠭᠦᠬᠦ ᠠᠵᠢᠯ ᠤᠨ ᠪᠠᠢ᠌ᠷᠢᠯᠠᠭᠤᠯᠤᠯᠳ᠋ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠡᠢ᠌ᠳ᠋ᠠᠪᠤᠷᠢᠵᠢᠭᠤᠯᠬᠤ ᠶᠢᠨ ᠲᠥᠯᠦᠭᠡ᠂ ᠪᠠᠶᠠᠨᠳ᠋ᠠᠯ᠎ᠠ ᠰᠤᠮᠤ ᠶᠢᠨ ᠡᠯ᠎ᠠ ᠱᠠᠳ᠋ᠤᠨ ᠤ ᠠᠷᠠᠳ ᠤᠨ ᠲᠦ᠋ᠯᠦᠭᠡᠯᠡᠭ᠍ᠴᠢᠳ ᠰᠠᠨᠠᠭᠠᠴᠢᠯᠠᠭ᠎ᠠ ᠡᠴᠡ ᠪᠠᠨ ᠰᠤᠮᠤ ᠶᠢᠨ ᠺᠠᠳ᠋ᠷ ᠠᠵᠢᠯᠳ᠋ᠡᠨ᠂ ᠲᠤᠰᠬᠤᠨ ᠤ ᠺᠠᠳ᠋ᠷ᠂ ᠲᠤᠰᠬᠤᠨ ᠳ᠋ᠦ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ᠂ ᠬᠠᠪᠰᠤᠷᠤᠨ ᠲᠡᠳᠬᠦᠬᠦ ᠺᠠᠳ᠋ᠷ ᠲᠡᠶ ᠬᠠᠮᠳ᠋ᠤᠪᠠᠷ ᠪᠦᠷᠢᠯᠳ᠋ᠦᠭ᠍ᠰᠡᠨ ᠤᠯᠠᠨ ᠵᠢᠭᠰᠠᠭᠠᠨ ᠪᠠᠢ᠌ᠴᠠᠠᠭᠤ ᠠᠵᠢᠯ ᠤᠨ ᠲᠤᠭᠤᠢ᠌ᠯᠠᠩ ᠪᠠᠢ᠌ᠭᠤᠯᠵᠤ᠂ ᠪᠦᠬᠦ ᠰᠤᠮᠤ ᠶᠢᠨ ᠶᠠᠳ᠋ᠠᠭᠤ ᠡᠴᠡ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭ᠍ᠰᠡᠨ ᠡᠷᠦᠭᠡ ᠵᠢᠴᠢ ᠡᠩ ᠤᠨ ᠲᠠᠷᠢᠶᠠᠴᠢᠨ ᠤ ᠡᠷᠦᠭᠡ ᠵᠡᠷᠭᠡ ᠪᠦᠬᠦᠨ ᠢ ᠬᠠᠮᠤᠷᠠᠭᠰᠠᠨ ᠶᠡᠬᠡ ᠵᠢᠭᠰᠠᠭᠠᠨ ᠪᠠᠢ᠌ᠴᠠᠭᠠᠯᠳ᠋ᠠ ᠬᠢᠵᠦ᠂ ᠰᠡᠳᠭᠢᠯ ᠨᠢᠭᠡᠳ᠋ᠦᠨ ᠬᠦᠴᠦ ᠪᠡᠨ ᠬᠠᠮᠳ᠋ᠤᠳᠬᠠᠵᠤ ᠲᠠᠬᠢᠨ ᠶᠠᠳ᠋ᠠᠭᠤᠷᠠᠬᠤ ᠶᠢ ᠰᠡᠷᠭᠡᠢ᠌ᠯᠡᠬᠦ ᠠᠵᠢᠯ ᠳᠤ ᠬᠦᠴᠦᠨ ᠨᠡᠮᠡᠷᠢᠯᠡᠪᠡ᠃ (ᠯᠸᠢ ᠫᠠᠩ)